ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠶᠡᠷᠦᠩᠬᠡᠢ ᠱᠦ᠋ᠵᠢ ᠰᠢ ᠵᠢᠨ ᠫᠢᠩ ᠤᠨ ᠮᠤᠵᠢ ᠶᠠᠮᠤᠨ ᠤ ᠲᠡᠰ ᠤᠨ ᠭᠤᠤᠯ ᠤᠳ᠋ᠤᠷᠢᠳᠬᠤ ᠺᠠᠳ᠋ᠷ ᠤᠨ ᠲᠤᠰᠬᠠᠢ ᠰᠡᠳ᠋ᠦᠪᠳ᠋ᠦ ᠰᠤᠳ᠋ᠤᠯᠤᠨ ᠶᠠᠷᠢᠯᠴᠠᠬᠤ ᠠᠩᠭᠢ ᠶᠢᠨ ᠬᠢᠴᠢᠶᠡᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ

       
       9 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ ᠮᠤᠵᠢ ᠶᠠᠮᠤᠨ ᠤ ᠲᠡᠰ ᠤᠨ ᠭᠤᠤᠯ ᠤᠳ᠋ᠤᠷᠢᠳᠬᠤ ᠺᠠᠳ᠋ᠷ ᠤᠨ 《ᠶᠡᠷᠦᠩᠬᠡᠢ ᠱᠦ᠋ᠵᠢ ᠰᠢ ᠵᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳ᠋ᠤᠭᠠᠷ ᠶᠡᠬᠡ ᠬᠤᠷᠠᠯ ᠢ ᠤᠭᠳ᠋ᠤᠬᠤ》 ᠲᠤᠰᠬᠠᠢ ᠰᠡᠳ᠋ᠦᠪᠳ᠋ᠦ ᠰᠤᠳ᠋ᠤᠯᠤᠨ ᠶᠠᠷᠢᠯᠴᠠᠬᠤ ᠠᠩᠭᠢ ᠶᠢᠨ ᠬᠢᠴᠢᠶᠡᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠭᠦ ᠶᠢᠨ ᠬᠠᠮᠳ᠋ᠤ ᠲᠠᠭᠠᠭᠤᠯᠤᠨ ᠰᠤᠷᠤᠯᠴᠠᠪᠠ᠃

        


       
        ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠺᠠᠳ᠋ᠷᠴᠤᠳ ᠤᠬᠠᠮᠰᠡᠷ ᠡᠴᠡ ᠪᠠᠨ ᠶᠡᠷᠦᠩᠬᠡᠢ ᠱᠦ᠋ᠵᠢ ᠰᠢ ᠵᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠭᠡᠵᠦ᠂《ᠬᠤᠶᠠᠷ ᠢ ᠲᠤᠭᠳ᠋ᠠᠭᠠᠬᠤ》 ᠶᠢᠨ ᠰᠢ᠌ᠳᠪᠦᠷᠢᠯᠡᠬᠦ ᠠᠴᠢ ᠬᠤᠯᠪᠤᠭᠳ᠋ᠠᠯ ᠢ ᠭᠦᠨᠵᠡᠭᠡᠢ ᠤᠢ᠌ᠯᠠᠭᠠᠨ᠂《ᠲᠦ᠋ᠷᠪᠡᠨ ᠤᠬᠠᠮᠰᠡᠷ》  ᠢ ᠤᠯᠠᠮ ᠨᠢᠭᠡ ᠠᠯᠬᠤᠮ ᠴᠢᠩᠭ᠋ᠠᠳᠬᠠᠵᠤ᠂《ᠲᠦ᠋ᠷᠪᠡᠨ ᠢᠳ᠋ᠡᠭᠡᠯ》 ᠢ ᠪᠠᠳ᠋ᠤᠳᠬᠠᠨ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠪᠦᠭᠦᠳ᠋ᠡᠭᠡᠷ ᠪᠦᠯᠬᠦᠮᠳ᠋ᠡᠨ ᠡᠷᠡᠮᠡᠭᠡᠢ᠌ᠯᠡᠨ ᠲᠡᠮᠡᠴᠡᠵᠦ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠠᠮᠵᠢᠯᠳ᠋ᠡ ᠲᠡᠶ ᠬᠤᠷᠠᠯᠳ᠋ᠤᠬᠤ ᠶᠢ ᠤᠭᠳ᠋ᠤᠶ᠎ᠠ ᠭᠡᠵᠦ ᠢᠯᠡᠷᠬᠡᠢ᠌ᠯᠡᠵᠡᠭᠡᠪᠡ᠃

        
        ᠬᠤᠷᠠᠯ ᠲᠡᠭᠡᠷ᠎ᠠ᠂ ᠯᠢ ᠴᠸᠩ ᠭᠦᠸᠸ ᠡᠴᠡ《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠬᠤᠷᠢᠶᠠᠨ ᠤ ᠠᠯᠪᠠᠨ ᠭᠡᠷ  ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠠᠯᠪᠠᠨ ᠭᠡᠷ ᠤᠨ ᠮᠡᠳ᠋ᠡᠭᠡ ᠵᠠᠩᠭᠢ ᠮᠡᠳ᠋ᠡᠭᠦᠯᠦᠨ ᠬᠦᠷᠭᠡᠬᠦ ᠠᠵᠢᠯ ᠤᠨ ᠬᠤᠯᠪᠤᠭᠳ᠋ᠠᠯ ᠪᠦᠬᠦᠢ ᠪᠠᠢ᠌ᠳ᠋ᠠᠯ ᠤᠨ ᠲᠤᠬᠠᠢ ᠵᠠᠷᠯᠠᠯ》 ᠢ ᠨᠡᠢ᠌ᠳ᠋ᠡᠯᠡᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠮᠡᠳ᠋ᠡᠭᠡ ᠵᠠᠩᠭᠢ ᠮᠡᠳ᠋ᠡᠭᠦᠯᠦᠨ ᠬᠦᠷᠭᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭ᠋ᠠᠳᠬᠠᠬᠤ ᠲᠤᠬᠠᠢ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠭᠤᠤᠯ ᠰᠡᠳ᠋ᠦᠪᠳ᠋ᠦ ᠨᠠᠮ ᠤᠨ ᠡᠳ᠋ᠦᠷ ᠤᠨ ᠠᠵᠢᠯᠯᠠᠭ᠎ᠠ ᠦᠷᠨᠢᠭᠦᠯᠪᠡ
ᠳᠠᠷᠠᠭᠠᠬᠢ᠄ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠵᠦ᠋ᠪᠯᠡᠯ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠡᠬᠡ ᠬᠤᠷᠠᠯ ᠬᠤᠷᠠᠯᠳ᠋ᠤᠭᠤᠯᠪᠠ