ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠯᠢ ᠵᠤ ᠠᠷᠠᠳ ᠤᠨ ᠲᠦ᠋ᠯᠦᠭᠡ ᠲᠦ᠋ᠯᠦᠭᠡᠯᠡᠭ᠍ᠴᠢ ᠪᠤᠯᠵᠤ ᠠᠷᠠᠳ ᠲᠤ ᠪᠤᠳ᠋ᠠᠳ᠋ᠤ ᠶᠠᠪᠤᠳ᠋ᠠᠯ ᠬᠢᠵᠦ ᠪᠠᠢ᠌ᠭ᠎ᠠ
ᠯᠢ ᠵᠤ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠭᠡᠰᠢᠭᠦᠨ᠂ ᠲᠦ᠋ᠩᠯᠢᠶᠤᠤ ᠬᠤᠳ᠋ᠠ ᠶᠢᠨ ᠵᠠᠷᠤᠳ ᠬᠤᠰᠢᠭᠤᠨ ᠤ ᠦᠨᠡᠭᠡᠴᠢ ᠰᠤᠮᠤ ᠶᠢᠨ ᠲᠠᠭᠳ᠋ᠠᠳ᠋ᠤ ᠭᠠᠴᠠᠭᠠᠨ ᠤ ᠨᠠᠮ ᠤᠨ ᠡᠭᠦᠷ ᠤᠨ ᠱᠦ᠋ᠵᠢ᠂ ᠵᠠᠷᠤᠳ ᠬᠤᠰᠢᠭᠤᠨ ᠤ ᠠᠷᠪᠠᠨ ᠲᠠᠪᠤᠳ᠋ᠤᠭᠠᠷ᠂ ᠠᠷᠪᠠᠨ ᠵᠢᠷᠭᠤᠳ᠋ᠤᠭᠠᠷ᠂ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠮᠦ᠋ᠷᠳ᠋ᠡᠭᠡᠨ ᠪᠠᠰᠠ ᠦᠨᠡᠭᠡᠴᠢ ᠰᠤᠮᠤ ᠶᠢᠨ ᠨᠢᠭᠡᠳ᠋ᠦᠭᠡᠷ ᠬᠤᠭᠤᠴᠠᠭ᠎ᠠ᠂ ᠬᠤᠶᠠᠳ᠋ᠤᠭᠠᠷ ᠬᠤᠭᠤᠴᠠᠭ᠎ᠠ᠂ ᠭᠤᠷᠪᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠪᠤᠯᠤᠨ᠎ᠠ᠃ ᠬᠤᠰᠢᠭᠤ᠂ ᠰᠤᠮᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠢ ᠡᠭᠦᠷᠭᠡᠯᠡᠭ᠍ᠰᠡᠨ ᠠᠷᠪᠠᠨ ᠬᠡᠳ᠋ᠦᠨ ᠵᠢᠯ ᠤᠨ ᠲᠤᠷᠰᠢ ᠯᠢ ᠵᠤ ᠦᠷᠬᠦᠯᠵᠢ 《ᠪᠢᠳ᠋ᠡᠨ ᠲᠦ᠋ᠯᠦᠭᠡᠯᠡᠭ᠍ᠴᠢ ᠪᠤᠯᠤᠭᠰᠠᠨ ᠨᠢ ᠠᠷᠠᠳ ᠲᠦ᠋ᠮᠡᠨ ᠤ ᠲᠦ᠋ᠯᠦᠭᠡ ᠪᠢᠰᠢᠦ》 ᠭᠡᠵᠦ ᠶᠠᠷᠢᠳ᠋ᠠᠭ᠃ ᠯᠢ ᠵᠤ ᠭᠠᠴᠠᠭᠠᠨ ᠤ ᠨᠠᠮ ᠤᠨ ᠡᠭᠦᠷ ᠤᠨ ᠱᠦ᠋ᠵᠢ ᠮᠦ᠋ᠷᠳ᠋ᠡᠭᠡᠨ ᠪᠠᠰᠠ ᠬᠤᠰᠢᠭᠤ᠂ ᠰᠤᠮᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠢᠮᠠᠭᠳ᠋ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠤᠯᠠᠨ ᠲᠦ᠋ᠮᠡᠨ ᠲᠡᠶ ᠨᠢᠭᠳ᠋ᠠ ᠬᠠᠷᠢᠯᠴᠡᠵᠦ᠂ ᠠᠷᠠᠳ ᠤᠨ ᠪᠠᠢ᠌ᠳ᠋ᠠᠯ ᠢ ᠤᠢ᠌ᠯᠠᠭᠠᠨ᠂ ᠠᠷᠠᠳ ᠤᠨ ᠰᠠᠨᠠᠭ᠎ᠠ ᠶᠢ ᠲᠤᠰᠬᠠᠵᠤ᠂ ᠢᠳ᠋ᠡᠪᠬᠢᠳ᠋ᠠᠢ ᠠᠵᠢᠯᠯᠡᠨ᠂ ᠭᠠᠴᠠᠭ᠎ᠠ ᠲᠤᠰᠬᠤᠨ ᠤ ᠠᠵᠤ ᠠᠬᠤᠢ ᠶᠢᠨ ᠬᠦᠭ᠍ᠵᠢᠯᠳ᠋ᠡ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠪᠡ᠃

2021 ᠤᠨ ᠳᠤ᠂ ᠨᠠᠮ ᠤᠨ ᠲᠦ᠋ᠪ ᠬᠤᠷᠢᠶ᠎ᠠ ᠲᠦ᠋ᠷᠦ ᠶᠢᠨ ᠶᠠᠪᠤᠳ᠋ᠠᠯ ᠤᠨ ᠬᠤᠷᠢᠶ᠎ᠠ ᠪᠠ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠰᠢ᠌ᠳᠪᠦᠷᠢᠳ᠋ᠦ ᠪᠤᠳ᠋ᠤᠯᠭ᠎ᠠ ᠶᠢᠨ ᠪᠠᠢ᠌ᠷᠢᠯᠠᠭᠤᠯᠤᠯᠳ᠋ᠠ ᠵᠢᠴᠢ ᠬᠠᠮᠢᠶ᠎ᠠ ᠪᠦᠬᠦᠢ ᠲᠦ᠋ᠷᠦ ᠶᠢᠨ ᠪᠤᠳ᠋ᠤᠯᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠶᠢᠨ ᠲᠦ᠋ᠯᠦᠭᠡ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠪᠦᠬᠦ ᠬᠤᠰᠢᠭᠤᠨ ᠳᠤ ᠤᠩᠭ᠋ᠤᠨ ᠨᠡᠭᠦᠯᠭᠡᠬᠦ ᠠᠵᠢᠯᠯᠠᠭ᠎ᠠ ᠦᠷᠨᠢᠭᠦᠯᠪᠡ᠃ ᠤᠩᠭ᠋ᠤᠨ ᠨᠡᠭᠦᠯᠭᠡᠬᠦ ᠠᠵᠢᠯ ᠰᠠᠶᠢ ᠡᠬᠢᠯᠡᠬᠦ ᠦᠶᠡᠰ᠂ ᠤᠯᠠᠨ ᠲᠦ᠋ᠮᠡᠨ ᠰᠢᠯᠵᠢᠭᠦᠯᠬᠦ ᠢᠳ᠋ᠡᠪᠬᠢᠵᠢᠯ ᠶᠢᠡᠷ ᠪᠠᠭ᠎ᠠ ᠪᠠᠢ᠌ᠪᠠ᠂ ᠯᠢ ᠵᠤ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ ᠤᠷᠢᠳ᠋ᠠᠪᠠᠷ ᠦᠪᠡᠷ ᠤᠨ ᠲᠤᠭᠳ᠋ᠠᠭᠠᠯ ᠡᠴᠡ ᠵᠦ᠋ᠷᠢᠴᠡᠭ᠍ᠰᠡᠨ ᠤᠩᠭ᠋ᠤᠨ ᠤ ᠭᠠᠵᠠᠷ ᠶᠢᠡᠨ ᠨᠤᠷᠠᠭᠠᠭᠰᠠᠨ ᠪᠦᠭᠡᠳ ᠡᠷᠦᠭᠡ ᠲᠠᠷᠠᠭᠠᠯᠠᠨ ᠤᠷᠤᠵᠤ ᠤᠯᠠᠨ ᠲᠦ᠋ᠮᠡᠨ ᠳᠤ ᠬᠠᠮᠢᠶ᠎ᠠ ᠪᠦᠬᠦᠢ ᠲᠦ᠋ᠷᠦ ᠶᠢᠨ ᠪᠤᠳ᠋ᠤᠯᠭ᠎ᠠ ᠵᠢᠴᠢ ᠡᠷᠡᠭᠡᠯᠵᠡᠯ ᠠᠰᠠᠭᠤᠳ᠋ᠠᠯ ᠢ ᠬᠦᠯᠢᠴᠡᠩᠭᠦᠢ ᠪᠠᠷ ᠲᠠᠢ᠌ᠯᠪᠤᠷᠢᠯᠠᠵᠤ ᠦᠭᠬᠦᠨ ᠤᠯᠠᠨ ᠢ ᠲᠠᠭᠠᠭᠤᠯᠤᠨ ᠲᠠᠪᠤᠨ ᠡᠳ᠋ᠦᠷ ᠤᠨ ᠲᠤᠳ᠋ᠤᠷ᠎ᠠ ᠲᠤᠭᠳ᠋ᠠᠭᠠᠯ ᠡᠴᠡ ᠵᠦ᠋ᠷᠢᠴᠡᠭ᠍ᠰᠡᠨ ᠪᠦᠬᠦ ᠤᠩᠭ᠋ᠤᠨ ᠢ ᠰᠢᠯᠵᠢᠭᠦᠯᠪᠡ᠃
ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠᠢ᠌ᠯᠳ᠋ᠤᠬᠤ ᠪᠤᠳ᠋ᠤᠯᠭ᠎ᠠ ᠶᠢ ᠬᠦᠨᠵᠡᠭᠡᠢ ᠬᠡᠷᠡᠭ᠍ᠵᠢᠭᠦᠯᠦᠨ᠂ ᠲᠠᠷᠢᠶᠠᠴᠢᠳ ᠢ ᠪᠠᠶᠠᠨ ᠴᠢᠨᠡᠭᠡᠯᠢᠭ᠌ ᠪᠤᠯᠭᠠᠵᠤ᠂ ᠠᠷᠠᠳ ᠤᠨ ᠲᠦ᠋ᠯᠦᠭᠡᠯᠡᠭ᠍ᠴᠢ ᠶᠢᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠲᠤᠮᠳ᠋ᠠᠬᠢ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠪᠠ ᠬᠢᠨᠠᠯᠳ᠋ᠠ ᠲᠠᠯᠪᠢᠵᠤ ᠠᠬᠢᠭᠤᠯᠬᠤ ᠦᠢᠯᠡᠳ᠋ᠦᠯ ᠢ ᠨᠡᠩ ᠰᠠᠢ᠌ᠨ ᠪᠠᠳ᠋ᠠᠷᠠᠭᠤᠯᠬᠤ ᠶᠢᠨ ᠲᠦ᠋ᠯᠦᠭᠡ᠂ 2020 ᠤᠨ ᠳᠤ᠂ ᠯᠢ ᠵᠤ ᠪᠤᠬᠢᠷᠳ᠋ᠤᠯ ᠦᠭᠡᠶ ᠬᠦᠳ᠋ᠡᠭᠡ ᠠᠵᠤ ᠠᠬᠤᠢ ᠶᠢᠨ ᠬᠦᠭ᠍ᠵᠢᠯᠳ᠋ᠡ ᠶᠢᠨ ᠵᠠᠮ ᠳᠤ ᠠᠩᠬᠠᠷᠤᠯ ᠶᠢᠡᠨ ᠲᠦ᠋ᠪᠯᠡᠷᠡᠭᠦᠯᠦᠨ᠂《ᠲᠡᠭ᠌ ᠨᠡᠮᠡᠯᠳ᠋ᠡ》᠂ ᠴᠤᠯᠤ ᠪᠠᠢ᠌ᠭᠠᠯᠯᠢᠭ᠂ ᠪᠤᠬᠢᠷᠳ᠋ᠤᠯ ᠦᠭᠡᠶ ᠲᠠᠷᠢᠶᠠᠯᠠᠩ ᠤᠨ ᠬᠦᠭ᠍ᠵᠢᠯᠳ᠋ᠡ ᠶᠢ ᠬᠦᠭ᠍ᠵᠢᠭᠦᠯᠵᠦ᠂《ᠤᠨᠴᠠᠯᠢᠭᠳ᠋ᠤ ᠨᠠᠷᠢᠮᠤ》 ᠲᠠᠷᠢᠬᠤ ᠲᠠᠯᠠᠪᠠᠢ ᠶᠢ ᠠᠯᠬᠤᠮ ᠠᠯᠬᠤᠮ ᠶᠢᠡᠷ ᠦᠷᠭᠡᠳᠭᠡᠵᠦ᠂ ᠤᠯᠠᠮᠵᠢᠯᠠᠯᠳ᠋ᠤ ᠬᠢᠮᠢ ᠶᠢᠨ ᠪᠤᠷᠳ᠋ᠤᠭᠤᠷ ᠤᠷᠤᠭᠤᠯᠬᠤ ᠵᠠᠭᠪᠤᠷ ᠢ ᠬᠤᠪᠢᠷᠠᠭᠤᠯᠤᠨ᠂ ᠠᠭᠠᠵᠢᠮ ᠶᠢᠡᠷ ᠪᠠᠢ᠌ᠭᠠᠯᠢ ᠶᠢᠨ ᠤᠷᠭᠠᠨᠢᠭ ᠪᠤᠷᠳ᠋ᠤᠭᠤᠷ ᠪᠤᠯᠭᠠᠨ ᠰᠤᠯᠢᠵᠤ᠂ ᠦᠷᠭᠡᠨ ᠤᠯᠠᠨ ᠲᠠᠷᠢᠶᠠᠴᠢᠨ ᠮᠠᠯᠴᠢᠳ ᠤᠨ《ᠢᠳ᠋ᠡᠭᠡᠨ ᠤᠮᠳ᠋ᠠᠭᠠᠨ ᠤ ᠠᠮᠤᠷ ᠲᠦ᠋ᠪᠰᠢᠨ》 ᠢ ᠦᠨᠡᠨᠬᠦ ᠪᠡᠶᠡᠯᠡᠭᠦᠯᠪᠡ᠃ 2021 ᠤᠨ ᠳᠤ 8 ᠡᠷᠦᠭᠡ ᠶᠢ ᠲᠠᠢ᠌ᠴᠢᠯᠡᠨ ᠤᠨᠴᠠᠯᠢᠭᠳ᠋ᠤ ᠨᠠᠷᠢᠮᠤ 1500 ᠮᠤ ᠲᠠᠷᠢᠵᠤ᠂ ᠤᠨᠠᠯᠳ᠋ᠠ ᠨᠢ 120 ᠲᠦ᠋ᠮᠡᠨ ᠵᠢᠩ ᠳᠤ ᠬᠦᠷᠴᠦ᠂ ᠠᠰᠢᠭ ᠤᠷᠤᠯᠭ᠎ᠠ ᠨᠢ 360 ᠲᠦ᠋ᠮᠡᠨ ᠲᠦ᠋ᠭᠦᠷᠢᠭ᠌ ᠲᠤ ᠬᠦᠷᠴᠦ᠂ ᠬᠦᠮᠦᠨ ᠲᠤᠮᠳ᠋ᠠᠴᠢ ᠶᠢᠨ ᠤᠷᠤᠯᠭ᠎ᠠ ᠨᠢ 6.8 ᠲᠦ᠋ᠮᠡᠨ ᠲᠦ᠋ᠭᠦᠷᠢᠭ᠌ ᠲᠤ ᠬᠦᠷᠴᠠᠢ᠂ ᠡᠨᠡ ᠵᠢᠯ ᠨᠢᠭᠡᠨᠳ᠋ᠡ 18 ᠡᠷᠦᠭᠡ ᠶᠢ ᠲᠠᠢ᠌ᠴᠢᠯᠡᠨ ᠤᠨᠴᠠᠯᠢᠭᠳ᠋ᠤ ᠨᠠᠷᠢᠮᠤ 3000 ᠮᠤ ᠡᠴᠡ ᠲᠡᠭᠡᠭ᠍ᠰᠢ ᠲᠠᠷᠢᠵᠤ᠂ ᠤᠨᠠᠯᠳ᠋ᠠ ᠨᠢ 240 ᠲᠦ᠋ᠮᠡᠨ ᠵᠢᠩ ᠳᠤ ᠬᠦᠷᠴᠦ᠂ ᠠᠳ᠋ᠠᠯᠢ ᠬᠤᠭᠤᠴᠠᠭᠠᠨ ᠤ ᠬᠢ ᠡᠴᠡ 50% ᠪᠠᠷ ᠨᠡᠮᠡᠭ᠍ᠳ᠋ᠡᠨ᠂ ᠠᠰᠢᠭ ᠤᠷᠤᠯᠭ᠎ᠠ ᠨᠢ ᠠᠳ᠋ᠠᠯᠢ ᠬᠤᠭᠤᠴᠠᠭᠠᠨ ᠤ ᠬᠢ ᠡᠴᠡ 50% ᠪᠠᠷ ᠨᠡᠮᠡᠭ᠍ᠳ᠋ᠡᠵᠦ᠂ ᠠᠷᠠᠳ ᠤᠯᠠᠨ ᠤ ᠤᠷᠤᠯᠭ᠎ᠠ ᠶᠢ ᠨᠡᠮᠡᠭ᠍ᠳ᠋ᠡᠭᠦᠯᠪᠡ᠃
ᠬᠦᠳ᠋ᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠤᠯᠠᠨ ᠲᠦ᠋ᠮᠡᠨ ᠳᠤ ᠬᠦᠷᠳ᠋ᠡᠮᠵᠢ ᠶᠢᠨ ᠲᠦ᠋ᠷᠦᠭ᠍ᠳ᠋ᠡᠯ ᠪᠠ ᠵᠤᠯ ᠵᠢᠷᠭᠠᠯᠳ᠋ᠤ ᠲᠦ᠋ᠷᠦᠭ᠍ᠳ᠋ᠡᠯ ᠢ ᠤᠯᠭᠤᠬᠤ ᠶᠢᠨ ᠲᠦ᠋ᠯᠦᠭᠡ᠂ ᠯᠢ ᠵᠤ ᠦᠪᠡᠷ ᠤᠨ ᠪᠡᠶ᠎ᠠ ᠡᠴᠡ ᠪᠠᠨ ᠲᠦ᠋ᠷᠦᠭᠦᠯᠡᠨ ᠥᠪᠡᠷ ᠤᠨ ᠬᠦᠷᠢᠶ᠎ᠠ ᠬᠠᠰᠢᠶ᠎ᠠ ᠪᠠᠨ ᠴᠡᠪᠡᠷᠯᠡᠬᠦ ᠶᠢᠨ ᠬᠠᠮᠳ᠋ᠤ ᠤᠯᠠᠨ ᠢ ᠲᠠᠭᠠᠭᠤᠯᠤᠨ ᠦᠪᠡᠷ ᠦᠪᠡᠷ ᠤᠨ ᠬᠦᠷᠢᠶ᠎ᠠ ᠬᠠᠰᠢᠶ᠎ᠠ ᠪᠠᠨ ᠴᠡᠪᠡᠷᠯᠡᠨ ᠠᠷᠢᠭᠤᠨ ᠴᠡᠪᠡᠷ ᠲᠤᠬᠢᠯᠢᠭ ᠤᠷᠴᠢᠨ ᠲᠤᠭᠤᠷᠢᠨ ᠢ ᠪᠤᠢ ᠪᠤᠯᠭᠠᠪᠠ᠃ ᠡᠭᠦᠨᠠ ᠡᠴᠡ ᠭᠠᠳ᠋ᠠᠨ᠎ᠠ ᠪᠠᠰᠠ ᠰᠠᠢ᠌ᠨ ᠲᠤᠷ᠎ᠠ ᠶᠢᠨ ᠦᠢᠯᠡᠴᠢᠯᠡᠭ᠍ᠴᠢ ᠡᠯᠰᠡᠵᠦ ᠲᠤᠰᠬᠤᠨ ᠤ ᠪᠠᠨ ᠵᠠᠮ ᠭᠤᠳ᠋ᠤᠮᠵᠢ ᠶᠢ ᠡᠳ᠋ᠦᠷ ᠪᠦᠷᠢ ᠴᠡᠪᠡᠷᠯᠡᠵᠦ ᠲᠤᠰᠬᠤᠨ ᠤ ᠤᠷᠤᠰᠢᠨ ᠰᠠᠭᠤᠷᠢᠬᠤ ᠤᠷᠴᠢᠨ ᠲᠤᠭᠤᠷᠢᠨ ᠢ ᠶᠡᠬᠡᠪᠡᠷ ᠲᠡᠭᠡᠭ᠍ᠰᠢᠯᠡᠭᠦᠯᠪᠡ᠃
ᠲᠦ᠋ᠯᠦᠭᠡᠯᠡᠭ᠍ᠴᠢ ᠪᠤᠯᠤᠭᠰᠠᠨ ᠠᠷᠪᠠᠨ ᠬᠡᠳ᠋ᠦᠨ ᠵᠢᠯ ᠤᠨ ᠲᠤᠷᠰᠢ᠂ ᠯᠢ ᠵᠤ ᠠᠷᠠᠳ ᠲᠦ᠋ᠮᠡᠨ ᠳᠤ ᠪᠤᠳ᠋ᠠᠳ᠋ᠤ ᠶᠠᠪᠤᠳ᠋ᠠᠯ ᠬᠢᠵᠦ᠂ ᠠᠷᠠᠳ ᠤᠨ ᠲᠦ᠋ᠯᠦᠭᠡ ᠲᠦ᠋ᠯᠦᠭᠡᠯᠡᠭ᠍ᠴᠢ ᠪᠤᠯᠵᠤ᠂ ᠰᠤᠩᠭ᠋ᠤᠭᠤᠯᠢ ᠶᠢᠨ ᠠᠷᠠᠳ ᠲᠡᠶ ᠨᠢᠭᠳ᠋ᠠ ᠬᠠᠷᠢᠯᠴᠡᠨ᠂ ᠰᠤᠩᠭ᠋ᠤᠭᠤᠯᠢ ᠶᠢᠨ ᠠᠷᠠᠳ ᠤᠨ ᠰᠠᠨᠠᠯ ᠰᠠᠨᠠᠭᠤᠯᠭ᠎ᠠ ᠶᠢ ᠰᠤᠨᠤᠰᠴᠦ᠂ ᠲᠤᠰ ᠪᠡᠶ᠎ᠠ ᠶᠢᠨ ᠲᠤᠬᠠᠢ᠌ᠯᠠᠭᠰᠠᠨ ᠠᠵᠢᠯ ᠶᠢᠡᠨ ᠰᠠᠢ᠌ᠳ᠋ᠤᠷ ᠬᠢᠵᠦ᠂ ᠲᠦ᠋ᠯᠦᠭᠡᠯᠡᠭ᠍ᠴᠢ ᠶᠢᠨ ᠵᠢᠱᠢᠶᠡᠴᠢ ᠲᠠᠭᠠᠭᠤᠯᠤᠭᠴᠢ ᠶᠢᠨ ᠦᠢᠯᠡᠳ᠋ᠦᠯ ᠶᠢᠡᠨ ᠢᠳ᠋ᠡᠪᠬᠢᠳ᠋ᠠᠢ ᠪᠠᠳ᠋ᠠᠷᠠᠭᠤᠯᠤᠨ᠂ ᠲᠤᠰᠬᠤᠨ ᠤ ᠪᠦᠬᠦ ᠠᠷᠠᠳ ᠢ ᠲᠠᠭᠠᠭᠤᠯᠤᠨ ᠬᠠᠮᠳ᠋ᠤᠪᠠᠷ ᠪᠠᠶᠠᠵᠢᠨ ᠴᠢᠨᠡᠭᠡᠯᠢᠭ᠍ᠵᠢᠭᠦᠯᠬᠦ ᠪᠠᠷ ᠴᠢᠷᠮᠠᠢ᠌ᠵᠤ ᠪᠠᠢ᠌ᠨ᠎ᠠ᠃(ᠨᠠᠢᠷᠠᠭᠤᠯᠤᠭᠴᠢ᠄ ᠯᠸᠢ ᠫᠠᠩ)