ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠢᠶᠠᠩᠱᠠᠨ ᠪᠠᠯᠭᠠᠰᠤᠨ ᠳᠤ ᠬᠦᠷᠴᠦ ᠪᠠᠢ᠌ᠴᠠᠭᠠᠨ ᠰᠤᠳ᠋ᠤᠯᠪᠠ

9 ᠰᠠᠷ᠎ᠠ ᠶᠢᠨ 20 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠢᠶᠠᠩᠱᠠᠨ ᠪᠠᠯᠭᠠᠰᠤᠨ ᠤ ᠰᠢᠶᠤᠤ ᠡᠾᠸ ᠰᠢ ᠲᠤᠰᠬᠤᠨ ᠤ ᠲᠤᠯᠠᠭᠠᠨ ᠬᠦᠯᠡᠮᠵᠢ᠂ ᠰᠢᠶᠤᠤ ᠡᠾᠸ ᠰᠢ ᠲᠤᠰᠬᠤᠨ ᠤ ᠤᠰᠤᠨ ᠲᠤᠳ᠋ᠤᠷᠭᠠ ᠪᠤᠯᠪᠠᠰᠤᠷᠠᠭᠤᠯᠬᠤ ᠦᠢᠯᠡᠳᠪᠦᠷᠢ᠂ ᠰᠢᠶᠤᠤ ᠡᠾᠸ ᠰᠢ ᠤᠰᠤᠨ ᠴᠦ᠋ᠬᠦᠷᠦᠮ᠂ ᠵᠦ᠋ᠩ ᠰᠢᠨ ᠲᠤᠰᠬᠤᠨ ᠤ ᠵᠢᠮᠢᠰ ᠲᠡᠭᠦᠬᠦ ᠬᠦᠷᠢᠶᠡᠯᠡᠩ ᠳᠤ ᠬᠦᠷᠴᠦ᠂ ᠠᠵᠤ ᠦᠢᠯᠡᠰ ᠤᠨ ᠬᠦᠭ᠍ᠵᠢᠯᠳ᠋ᠡ ᠶᠢᠨ ᠪᠠᠢ᠌ᠳ᠋ᠠᠯ ᠢ ᠪᠠᠢ᠌ᠴᠠᠭᠠᠨ ᠰᠤᠳ᠋ᠤᠯᠪᠠ᠃
ᠪᠠᠢ᠌ᠴᠠᠭᠠᠨ ᠰᠤᠳ᠋ᠤᠯᠤᠯᠳ᠋ᠠ ᠲᠤᠮᠳ᠋ᠠ᠂ ᠡᠦ ᠴᠢᠩ ᠬᠠᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢ᠂ ᠰᠢᠶᠤᠤ ᠡᠾᠸ ᠰᠢ ᠲᠤᠰᠬᠤᠨ ᠤ ᠨᠠᠮ ᠤᠨ ᠡᠭᠦᠷ ᠤᠨ ᠱᠦ᠋ᠵᠢ᠂ ᠡᠷᠬᠢᠯᠡᠭ᠍ᠴᠢ ᠸᠸᠢ ᠶᠠᠨ ᠡᠾᠦ᠋ᠢ ᠲᠡᠶ ᠨᠠᠷᠢᠨ ᠬᠢᠨᠠᠮᠠᠭᠠᠢ ᠶᠠᠷᠢᠯᠴᠡᠨ᠂ ᠪᠦᠬᠦ ᠲᠤᠰᠬᠤᠨ ᠤ ᠲᠠᠷᠢᠮᠡᠯ ᠤᠨ ᠲᠦ᠋ᠷᠦᠯ ᠵᠦ᠋ᠢᠯ᠂ ᠵᠠᠭᠪᠤᠷ ᠪᠤᠯᠤᠨ ᠭᠠᠷᠤᠯᠳ᠋ᠠ ᠶᠢᠨ ᠪᠠᠢ᠌ᠳ᠋ᠠᠯ᠂ ᠤᠰᠤᠨ ᠲᠤᠳ᠋ᠤᠷᠭᠠ ᠪᠤᠯᠪᠠᠰᠤᠷᠠᠭᠤᠯᠬᠤ ᠦᠢᠯᠡᠳᠪᠦᠷᠢ ᠶᠢᠨ ᠪᠠᠢ᠌ᠳ᠋ᠠᠯ᠂ ᠪᠤᠷᠤᠯᠠᠭᠤᠯᠭ᠎ᠠ ᠶᠢᠨ ᠪᠠᠢ᠌ᠳ᠋ᠠᠯ᠂ ᠰᠢᠶᠤᠤ ᠡᠾᠸ ᠰᠢ ᠤᠰᠤᠨ ᠴᠦ᠋ᠬᠦᠷᠦᠮ ᠤᠨ ᠤᠰᠤᠯᠠᠯᠳ᠋ᠠ ᠶᠢᠨ ᠰᠤᠪᠠᠭ ᠤᠨ ᠦᠶᠡᠷ ᠢ ᠰᠡᠷᠭᠡᠢ᠌ᠯᠡᠬᠦ ᠤᠰᠤᠯᠠᠯᠳ᠋ᠠ ᠶᠢᠨ ᠦᠢᠯᠡᠳ᠋ᠦᠯ ᠢ ᠪᠠᠳ᠋ᠠᠷᠠᠭᠤᠯᠤᠭᠰᠠᠨ ᠪᠠᠢ᠌ᠳ᠋ᠠᠯ ᠢ ᠨᠠᠷᠢᠨ ᠤᠢ᠌ᠯᠠᠭᠠᠪᠠ᠃ ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢ ᠶᠢᠨ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠲᠠᠷᠢᠶᠠᠴᠢᠨ ᠡᠷᠦᠭᠡ ᠶᠢᠨ ᠲᠠᠷᠢᠮᠡᠯ᠂ ᠲᠠᠷᠢᠶᠠᠨ ᠭᠠᠵᠠᠷ ᠤᠨ ᠬᠠᠮᠢᠶᠠᠷᠤᠯᠳ᠋ᠠ᠂ ᠤᠰᠤᠯᠠᠯᠳ᠋ᠠ᠂ ᠪᠤᠷᠤᠯᠠᠭᠤᠯᠭ᠎ᠠ ᠵᠡᠷᠭᠡ ᠲᠠᠯ᠎ᠠ ᠶᠢᠨ ᠬᠦᠴᠢᠷᠳ᠋ᠡᠯ ᠢ ᠴᠠᠭ ᠲᠤᠬᠠᠢ ᠳ᠋ᠤᠨᠢ ᠤᠢ᠌ᠯᠠᠭᠠᠨ ᠰᠢ᠌ᠳᠪᠦᠷᠢᠯᠡᠵᠦ᠂ ᠤᠯᠠᠨ ᠲᠦ᠋ᠮᠡᠨ ᠳᠤ ᠤᠯᠠᠨ ᠲᠠᠯ᠎ᠠ ᠶᠢᠨ ᠬᠠᠪᠰᠤᠷᠤᠯᠭ᠎ᠠ ᠲᠡᠮᠵᠢᠯᠭᠡ ᠬᠠᠩᠭ᠋ᠠᠨ᠂ ᠠᠵᠤ ᠦᠢᠯᠡᠰ ᠢ ᠪᠤᠵᠠᠭᠠᠢ᠌ᠷᠠᠭᠤᠯᠤᠨ ᠬᠦᠴᠦᠷᠭᠡᠭ᠍ᠵᠢᠭᠦᠯᠬᠦ ᠪᠠᠷ ᠴᠢᠷᠮᠠᠢ᠌ᠵᠤ᠂ ᠦᠪᠡᠷᠮᠢᠴᠡ ᠤᠨᠴᠠᠯᠢᠭ ᠲᠡᠶ ᠪᠠᠷ ᠲᠠᠷᠢᠶᠠᠴᠢᠳ ᠤᠨ ᠦᠢᠯᠡᠳᠪᠦᠷᠢᠯᠡᠯ ᠶᠢᠡᠨ ᠨᠡᠡᠮᠭ᠍ᠳ᠋ᠡᠭᠦᠯᠵᠦ ᠤᠷᠤᠯᠭ᠎ᠠ ᠪᠠᠨ ᠨᠡᠮᠡᠭ᠍ᠳ᠋ᠡᠭᠦᠯᠬᠦ ᠶᠢ ᠠᠬᠢᠭᠤᠯᠬᠤ ᠬᠡᠷᠡᠭ᠍ᠳ᠋ᠠᠢ ᠭᠡᠵᠦ ᠬᠡᠯᠡᠪᠡ᠃

ᠡᠦ ᠴᠢᠩ ᠬᠠᠢ ᠰᠢᠶᠠᠩᠱᠠᠨ ᠪᠠᠯᠭᠠᠰᠤ ᠶᠢᠨ ᠵᠦ᠋ᠩ ᠰᠢᠨ ᠲᠤᠰᠬᠤᠨ ᠤ ᠵᠢᠮᠢᠰ ᠲᠡᠭᠦᠬᠦ ᠬᠦᠷᠢᠶᠡᠯᠡᠩ ᠳᠤ᠂ ᠬᠠᠮᠢᠶ᠎ᠠ ᠪᠦᠬᠦᠢ ᠬᠦᠮᠦᠰ ᠤᠨ ᠲᠠᠨᠢᠯᠴᠠᠭᠤᠯᠭ᠎ᠠ ᠶᠢ ᠰᠤᠨᠤᠰᠤᠨ᠂ ᠢᠳ᠋ᠡᠰᠢᠨ ᠨᠤᠭᠤᠭ᠎ᠠ ᠵᠢᠮᠢᠰ ᠤᠨ ᠲᠦ᠋ᠷᠦᠯ ᠵᠦ᠋ᠢᠯ᠂ ᠲᠠᠷᠢᠬᠤ ᠮᠡᠷᠭᠡᠵᠢᠯ᠂ ᠪᠤᠷᠤᠯᠠᠭᠤᠯᠬᠤ ᠠᠷᠭ᠎ᠠ ᠬᠡᠯᠪᠡᠷᠢ ᠵᠢᠴᠢ ᠵᠢᠮᠢᠰ ᠲᠡᠭᠦᠬᠦ ᠬᠦᠷᠢᠶᠡᠯᠡᠩ ᠤᠨ ᠬᠦᠭ᠍ᠵᠢᠯᠳ᠋ᠡ ᠶᠢᠨ ᠲᠦ᠋ᠯᠦᠪᠵᠢᠭᠦᠯᠭᠡ ᠶᠢ ᠨᠠᠷᠢᠨ ᠤᠢ᠌ᠯᠠᠭᠠᠪᠠ᠃ ᠡᠦ ᠴᠢᠩ ᠬᠠᠢ ᠡᠴᠡ᠂ ᠪᠤᠬᠢᠷᠳ᠋ᠤᠯ ᠦᠭᠡᠶ ᠲᠠᠷᠢᠶᠠᠯᠠᠩ ᠤᠨ ᠪᠦᠳ᠋ᠦᠭᠡᠭ᠍ᠳ᠋ᠡᠭᠦᠨ ᠢ ᠬᠦᠭ᠍ᠵᠢᠭᠦᠯᠬᠦ ᠪᠤᠯ ᠲᠠᠷᠢᠶᠠᠴᠢᠳ ᠤᠨ ᠤᠷᠤᠯᠭ᠎ᠠ ᠶᠢ ᠨᠡᠮᠡᠭ᠍ᠳ᠋ᠡᠭᠦᠯᠬᠦ ᠴᠢᠬᠤᠯᠠ ᠠᠷᠭ᠎ᠠ ᠵᠠᠮ ᠪᠤᠯᠤᠨ᠎ᠠ᠂ ᠰᠠᠭᠤᠷᠢ ᠲᠦ᠋ᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳ᠋ᠡᠷᠵᠢᠭᠦᠯᠦᠨ᠂ ᠲᠠᠷᠢᠮᠡᠯ ᠤᠨ ᠬᠡᠪᠴᠢᠶ᠎ᠠ ᠪᠠ ᠪᠤᠷᠤᠯᠠᠭᠤᠯᠭ᠎ᠠ ᠶᠢᠨ ᠵᠠᠬ᠎ᠠ ᠲᠡᠯᠭᠡᠭᠦᠷ ᠢ ᠦᠷᠭᠡᠳᠭᠡᠵᠦ᠂ ᠤᠷᠤᠨ ᠪᠦᠰᠡ ᠶᠢᠨ ᠤᠨᠴᠠᠯᠢᠭ ᠲᠡᠶ ᠲᠦ᠋ᠷᠦᠯ ᠲᠡᠮᠳ᠋ᠡᠭ᠌ ᠢ ᠡᠭᠦᠳ᠋ᠦᠨ᠂ ᠪᠤᠬᠢᠷᠳ᠋ᠤᠯ ᠦᠭᠡᠶ ᠲᠠᠷᠢᠶᠠᠯᠠᠩ ᠤᠨ ᠲᠡᠰ ᠲᠡᠪᠰᠢᠬᠦ ᠶᠢ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)