ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠳ᠋ᠠ ᠪᠠ ᠠᠰᠢᠭᠯᠠᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ

   ᠤᠢ᠌ᠷ᠎ᠠ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠳ᠋ᠠ᠂ ᠬᠤᠰᠢᠭᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠷ ᠪᠦᠷᠢᠯᠳ᠋ᠦᠭ᠍ᠰᠡᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ᠂ ᠪᠦᠬᠦ ᠬᠤᠰᠢᠭᠤᠨ ᠤ ᠭᠠᠵᠠᠷ ᠰᠢᠷᠤᠢ ᠶᠢᠨ ᠡᠬᠢ ᠪᠠᠶᠠᠯᠢᠭ ᠤᠨ  ᠬᠠᠮᠢᠶᠠᠷᠤᠯᠳ᠋ᠠ ᠪᠠ ᠠᠰᠢᠭᠯᠠᠯᠳ᠋ᠠ ᠶᠢᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠵᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠪᠠ᠃

         
     ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠲᠦ᠋ᠩᠯᠢᠶᠤᠤ ᠬᠤᠳ᠋ᠠ ᠶᠢᠨ ᠯᠦ᠋ᠩ ᠶᠤᠸᠠᠨ ᠯᠢᠦᠢ ᠮᠸᠢ ᠬᠢᠮᠢ ᠶᠢᠨ ᠬᠢᠵᠠᠭᠠᠷᠳ᠋ᠤ ᠺᠤᠮᠫᠠᠨᠢ᠂ ᠦᠪᠦᠷ ᠮᠤᠩᠭ᠋ᠤᠯ ᠤᠨ ᠡᠾᠦ᠋ᠢ ᠴᠸᠩ ᠲᠠᠷᠢᠶᠠᠯᠠᠩ ᠮᠠᠯᠵᠢᠯ ᠤᠨ ᠬᠢᠵᠠᠭᠠᠷᠳ᠋ᠤ ᠺᠤᠮᠫᠠᠨᠢ᠂ ᠲᠦ᠋ᠩᠯᠢᠶᠤᠤ ᠶᠢᠨ ᠬᠢᠳ᠋ᠠᠳ ᠮᠤᠩᠭ᠋ᠤᠯ ᠡᠮ ᠤᠨ ᠴᠢᠨᠠᠬᠤ ᠡᠮ ᠤᠨ ᠬᠢᠵᠠᠭᠠᠷᠳ᠋ᠤ ᠬᠠᠷᠢᠭᠤᠴᠠᠯᠭᠠᠳ᠋ᠤ ᠺᠤᠮᠫᠠᠨᠢ᠂ ᠦᠪᠦᠷ ᠮᠤᠩᠭ᠋ᠤᠯ ᠤᠨ ᠴᠢᠩ ᠴᠢᠦᠸᠠᠨ ᠠᠮᠢᠳ᠋ᠤ ᠪᠤᠳ᠋ᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳ᠋ᠤ ᠺᠤᠮᠫᠠᠨᠢ᠂ ᠵᠠᠷᠤᠳ ᠬᠤᠰᠢᠭᠤᠨ ᠤ ᠪᠸᠢ ᠶᠸᠦ ᠦᠷ᠎ᠠ ᠶᠢᠨ ᠦᠢᠯᠡᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠳ᠋ᠤ ᠺᠤᠮᠫᠠᠨᠢ᠂ ᠦᠪᠦᠷ ᠮᠤᠩᠭ᠋ᠤᠯ ᠤᠨ ᠰᠠᠢ ᠸᠠᠢ ᠯᠢᠶᠠᠩ ᠶᠤᠸᠠᠨ ᠲᠠᠷᠢᠶᠠᠯᠠᠩ ᠤᠨ ᠪᠦᠳ᠋ᠦᠭᠡᠭ᠍ᠳ᠋ᠡᠭᠦᠨ ᠤ ᠬᠢᠵᠠᠭᠠᠷᠳ᠋ᠤ ᠺᠤᠮᠫᠠᠨᠢ᠂ ᠦᠪᠦᠷ ᠮᠤᠩᠭ᠋ᠤᠯ ᠤᠨ ᠵᠢᠨ ᠭᠦ᠋ ᠮᠤ ᠭᠧ ᠤᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠪᠦᠳ᠋ᠦᠭᠡᠭ᠍ᠳ᠋ᠡᠭᠦᠨ ᠤ ᠨᠡᠬᠡᠭᠡᠯᠳ᠋ᠡ ᠶᠢᠨ ᠬᠢᠵᠠᠭᠠᠷᠳ᠋ᠤ ᠺᠤᠮᠫᠠᠨᠢ᠂ ᠵᠠᠷᠤᠳ ᠬᠤᠰᠢᠭᠤᠨ ᠤ ᠮᠤ ᠶᠤᠸᠠᠨ ᠲᠠᠷᠢᠶᠠᠯᠠᠩ ᠮᠠᠯᠵᠢᠯ ᠤᠨ ᠬᠢᠵᠠᠭᠠᠷᠳ᠋ᠤ ᠺᠤᠮᠫᠠᠨᠢ ᠶᠢᠨ ᠲᠡᠵᠢᠭᠡᠨ ᠦᠷᠡᠵᠢᠭᠦᠯᠬᠦ ᠲᠠᠯᠠᠪᠠᠢ᠂᠂ ᠵᠢᠷᠦᠬᠡ ᠪᠠᠢ ᠱᠦ᠋ᠨ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠭᠠᠵᠠᠷ ᠲᠤ ᠬᠦᠷᠴᠦ᠂ ᠵᠦ᠋ᠪᠰᠢᠶᠡᠷᠡᠭ᠍ᠰᠡᠨ ᠪᠤᠯᠪᠠᠴᠦ ᠬᠠᠩᠭ᠋ᠠᠭᠰᠠᠨ ᠦᠭᠡᠶ ᠭᠠᠵᠠᠷ ᠰᠢᠷᠤᠢ ᠶᠢ ᠲᠠᠬᠢᠨ ᠠᠰᠢᠭᠯᠠᠭᠰᠠᠨ ᠪᠠᠢ᠌ᠳ᠋ᠠᠯ᠂ ᠨᠦ᠋ᠭᠡᠴᠡ ᠭᠠᠵᠠᠷ ᠰᠢᠷᠤᠢ ᠶᠢ ᠠᠰᠢᠭᠯᠠᠭᠰᠠᠨ ᠪᠠᠢ᠌ᠳ᠋ᠠᠯ᠂ ᠬᠠᠩᠭ᠋ᠠᠭᠰᠠᠨ ᠦᠭᠡᠶ ᠪᠠᠷ ᠭᠠᠵᠠᠷ ᠰᠢᠷᠤᠢ ᠶᠢ ᠠᠰᠢᠭᠯᠠᠭᠰᠠᠨ ᠪᠠᠢ᠌ᠳ᠋ᠠᠯ᠂ ᠲᠦ᠋ᠷᠦᠯ ᠵᠦ᠋ᠢᠯ ᠢ ᠦᠷᠭᠡᠳᠭᠡᠨ ᠲᠠᠬᠢᠨ ᠭᠠᠵᠠᠷ ᠬᠡᠷᠡᠭᠯᠡᠬᠦ ᠭᠤᠶᠤᠴᠢᠯᠠᠯ ᠤᠨ ᠪᠠᠢ᠌ᠳ᠋ᠠᠯ᠂ ᠬᠠᠩᠭ᠋ᠠᠭᠰᠠᠨ ᠦᠭᠡᠶ ᠭᠠᠵᠠᠷ ᠰᠢᠷᠤᠢ ᠶᠢ ᠵᠠᠯᠭᠠᠵᠤ ᠲᠠᠬᠢᠨ ᠠᠰᠢᠭᠯᠠᠭᠰᠠᠨ ᠪᠠᠢ᠌ᠳ᠋ᠠᠯ᠂ ᠬᠦᠰᠢᠮᠡᠯ ᠠᠵᠤ ᠠᠬᠤᠢ᠌ᠯᠠᠯ ᠤᠨ ᠬᠡᠷᠡᠭᠯᠡᠬᠦ ᠭᠠᠵᠠᠷ ᠤᠨ ᠠᠵᠢᠯᠯᠠᠭᠠᠨ ᠤ ᠪᠠᠢ᠌ᠳ᠋ᠠᠯ᠂ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠤᠨ ᠪᠠᠢ᠌ᠳ᠋ᠠᠯ ᠢ ᠨᠠᠷᠢᠨ ᠬᠢᠨᠠᠮᠠᠭᠠᠢ ᠤᠢ᠌ᠯᠠᠭᠠᠪᠠ᠃

        
        ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠢ᠌ᠳ᠋ᠠᠪᠤᠷᠢᠵᠢᠭᠤᠯᠤᠨ᠂ ᠭᠠᠵᠠᠷ ᠰᠢᠷᠤᠢ ᠶᠢ ᠠᠷᠪᠢᠯᠠᠵᠤ ᠬᠡᠷᠡᠭᠯᠡᠬᠦ ᠶᠢ ᠶᠡᠬᠡ ᠪᠠᠷ ᠠᠬᠢᠭᠤᠯᠬᠤ ᠬᠡᠷᠡᠭ᠍ᠳ᠋ᠠᠢ︔ ᠭᠠᠵᠠᠷ ᠰᠢᠷᠤᠢ ᠶᠢᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠢ ᠪᠠᠷᠢᠮᠳ᠋ᠠᠯᠠᠵᠦ᠂ ᠡᠬᠢ ᠪᠠᠶᠠᠯᠢᠭ ᠢ ᠦᠨᠳ᠋ᠦᠷ ᠪᠦᠳ᠋ᠦᠮᠵᠢᠳ᠋ᠠᠢ ᠠᠰᠢᠭᠯᠠᠬᠤ ᠶᠢ ᠴᠢᠩᠭ᠋ᠠᠳᠬᠠᠬᠤ ᠬᠡᠷᠡᠭ᠍ᠳ᠋ᠠᠢ︔ ᠬᠤᠳ᠋ᠠᠯᠳ᠋ᠤᠭᠠᠴᠢᠨ ᠤᠷᠢᠵᠤ ᠪᠡᠯᠡ ᠤᠷᠤᠭᠤᠯᠬᠤ ᠠᠵᠢᠯ ᠤᠨ ᠡᠷᠴᠢᠮ ᠶᠢᠡᠨ ᠨᠡᠮᠡᠭ᠍ᠳ᠋ᠡᠭᠦᠯᠵᠦ᠂ ᠭᠠᠵᠠᠷ ᠰᠢᠷᠤᠢ ᠶᠢ ᠪᠠᠴᠢᠮ ᠬᠡᠷᠡᠭ᠍ᠰᠡᠬᠦ ᠪᠦᠳ᠋ᠦᠭᠡᠨ ᠪᠠᠢ᠌ᠭᠤᠯᠤᠯᠳ᠋ᠠ ᠶᠢᠨ ᠲᠦ᠋ᠷᠦᠯ ᠵᠦ᠋ᠢᠯ ᠳᠤ ᠲᠤᠬᠢᠷᠠᠭᠤᠯᠤᠨ ᠬᠡᠷᠡᠭᠯᠡᠬᠦ ᠬᠡᠷᠡᠭ᠍ᠳ᠋ᠠᠢ᠃ ᠠᠰᠠᠭᠤᠳ᠋ᠠᠯ ᠶᠢᠡᠷ ᠤᠳ᠋ᠤᠷᠢᠳ᠋ᠤᠮᠵᠢ ᠪᠤᠯᠭᠠᠬᠤ ᠶᠢ ᠪᠠᠷᠢᠮᠳ᠋ᠡᠯᠡᠨ᠂ ᠤᠷᠤᠰᠢᠵᠤ ᠪᠠᠢ᠌ᠭ᠎ᠠ ᠪᠠᠭᠤᠷᠠᠢ ᠭᠤᠭᠴᠤᠭ᠎ᠠ ᠳᠤ ᠬᠠᠨᠳ᠋ᠤᠯᠭᠠᠳ᠋ᠤ ᠴᠢᠨᠠᠷᠳ᠋ᠠᠢ᠂ ᠲᠤᠪᠤᠢ᠌ᠮ᠎ᠠ ᠦᠷ᠎ᠠ ᠪᠦᠳ᠋ᠦᠮᠵᠢᠳ᠋ᠠᠢ ᠠᠷᠭ᠎ᠠ ᠬᠡᠮᠵᠢᠶ᠎ᠠ ᠠᠪᠴᠦ᠂ ᠵᠠᠷᠤᠳ ᠬᠤᠰᠢᠭᠤᠨ ᠤ ᠭᠠᠵᠠᠷ ᠰᠢᠷᠤᠢ ᠶᠢᠨ ᠬᠠᠮᠢᠶᠠᠷᠤᠯᠳ᠋ᠠ ᠶᠢᠨ ᠠᠵᠢᠯ ᠢ ᠴᠢᠷᠮᠠᠢ᠌ᠨ ᠠᠬᠢᠭᠤᠯᠬᠤ ᠬᠡᠷᠡᠭ᠍ᠳ᠋ᠠᠢ ᠭᠡᠵᠦ ᠲᠤᠷᠠᠳ᠋ᠤᠨ ᠭᠠᠷᠭᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠰᠢᠶᠠᠩᠱᠠᠨ ᠪᠠᠯᠭᠠᠰᠤᠨ ᠳᠤ ᠬᠦᠷᠴᠦ ᠪᠠᠢ᠌ᠴᠠᠭᠠᠨ ᠰᠤᠳ᠋ᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠢᠳ᠋ᠤᠷᠠᠯ ᠤᠨ ᠬᠤᠭ ᠨᠤᠪᠰᠢ ᠶᠢ ᠰᠢ᠌ᠳᠪᠦᠷᠢᠯᠡᠭ᠍ᠰᠡᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ