ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠢᠳ᠋ᠤᠷᠠᠯ ᠤᠨ ᠬᠤᠭ ᠨᠤᠪᠰᠢ ᠶᠢ ᠰᠢ᠌ᠳᠪᠦᠷᠢᠯᠡᠭ᠍ᠰᠡᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
9 ᠰᠠᠷ᠎ᠠ ᠶᠢᠨ 21 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠳ᠋ᠠ᠂ ᠬᠤᠰᠢᠭᠤ᠂ ᠪᠠᠯᠭᠠᠰᠤ ᠭᠤᠷᠪᠠᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠷ ᠪᠦᠷᠢᠯᠳ᠋ᠦᠭ᠍ᠰᠡᠨ ᠲᠤᠭᠤᠢ᠌ᠯᠠᠩ ᠢ ᠲᠠᠭᠠᠭᠤᠯᠤᠨ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠢᠳ᠋ᠤᠷᠠᠯ ᠤᠨ ᠬᠤᠭ ᠨᠤᠪᠰᠢ ᠶᠢ ᠰᠢ᠌ᠳᠪᠦᠷᠢᠯᠡᠭ᠍ᠰᠡᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠯᠦ᠋ᠪᠸᠢ ᠪᠠᠯᠭᠠᠰᠤᠨ ᠤ ᠳ᠋ᠦ᠋ᠩ ᠰᠢᠩ ᠲᠤᠰᠬᠤᠨ᠂ ᠶᠦ᠋ᠩ ᠰᠢᠩ ᠲᠤᠰᠬᠤᠨ᠂ ᠬᠠᠷᠠᠪᠤᠯᠠᠭ ᠲᠤᠰᠬᠤᠨ᠂ ᠢᠦᠢ ᠫᠤᠤᠽᠢ ᠲᠤᠰᠬᠤᠨ ᠪᠤᠯᠤᠨ ᠭᠠᠬᠠᠢ᠌ᠳ᠋ᠤ ᠪᠠᠯᠭᠠᠰᠤᠨ ᠤ ᠰᠠᠷᠠᠬᠠᠳ᠋ᠠ ᠭᠠᠴᠠᠭ᠎ᠠ᠂ ᠭᠠᠬᠠᠢ᠌ᠳ᠋ᠤ ᠭᠠᠴᠠᠭ᠎ᠠ᠂ ᠬᠦᠬᠡᠬᠠᠳ᠋ᠠ ᠭᠠᠴᠠᠭ᠎ᠠ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠠᠷ ᠲᠠᠮᠵᠢᠨ᠂ ᠪᠦᠬᠦ ᠬᠤᠰᠢᠭᠤᠨ ᠤ ᠡᠯ᠎ᠠ ᠭᠠᠴᠠᠭ᠎ᠠ ᠲᠤᠰᠬᠤᠨ ᠤ ᠠᠮᠢᠳ᠋ᠤᠷᠠᠯ ᠤᠨ ᠬᠤᠭ ᠨᠤᠪᠰᠢ ᠶᠢ ᠴᠤᠭᠯᠠᠭᠤᠯᠤᠭᠰᠠᠨ ᠵᠢᠴᠢ ᠴᠡᠪᠡᠷᠯᠡᠵᠦ ᠲᠡᠭᠡᠭᠡᠪᠦᠷᠢᠯᠡᠭ᠍ᠰᠡᠨ ᠪᠠᠢ᠌ᠳ᠋ᠠᠯ᠂ ᠠᠵᠢᠯᠳ᠋ᠡᠨ ᠪᠠ ᠲᠦ᠋ᠬᠦᠭᠡᠷᠤᠮᠵᠢ ᠲᠤᠬᠢᠷᠠᠭᠤᠯᠤᠭᠰᠠᠨ ᠪᠠᠢ᠌ᠳ᠋ᠠᠯ᠂ ᠡᠳ᠋ ᠮᠦ᠋ᠩᠬᠦ ᠶᠢᠨ ᠪᠠᠳ᠋ᠤᠯᠠᠭ᠎ᠠ ᠵᠢᠴᠢ ᠤᠷᠳ᠋ᠤ ᠬᠤᠭᠤᠴᠠᠭᠠᠨ ᠤ ᠪᠦᠳ᠋ᠦᠮᠵᠢᠳ᠋ᠠᠢ ᠬᠠᠮᠢᠶᠠᠷᠤᠨ ᠬᠠᠮᠠᠭᠠᠯᠠᠬᠤ ᠲᠤᠭᠳ᠋ᠠᠴᠠ ᠶᠢ ᠪᠠᠢ᠌ᠭᠤᠯᠤᠭᠰᠠᠨ ᠪᠠᠢ᠌ᠳ᠋ᠠᠯ ᠪᠠ ᠬᠤᠭ ᠨᠤᠪᠰᠢ ᠶᠢ ᠰᠢ᠌ᠳᠪᠦᠷᠢᠯᠡᠬᠦ ᠶᠠᠪᠤᠴᠠ ᠲᠤᠮᠳ᠋ᠠ ᠤᠷᠤᠰᠢᠵᠤ ᠪᠠᠢ᠌ᠬᠤ ᠠᠰᠠᠭᠤᠳ᠋ᠠᠯ ᠢ ᠭᠦᠨᠵᠡᠭᠡᠢ ᠤᠢ᠌ᠯᠠᠭᠠᠭᠰᠠᠨ ᠪᠦᠭᠡᠳ ᠠᠢ᠌ᠯ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠳ᠋ᠠ ᠶᠢ ᠬᠡᠷᠬᠢᠨ ᠰᠠᠢ᠌ᠳ᠋ᠤᠷ ᠬᠢᠬᠦ ᠲᠤᠬᠠᠢ ᠦᠨᠡᠨᠬᠦ ᠬᠡᠷᠡᠭ᠍ᠵᠢᠭᠦᠯᠵᠦ ᠪᠤᠯᠬᠤᠢ᠌ᠴᠠ ᠰᠠᠨᠠᠯ ᠰᠠᠨᠠᠭᠤᠯᠭ᠎ᠠ ᠲᠤᠷᠠᠳᠪᠠ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠰᠠᠭᠤᠴᠠ ᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠳ᠋ᠠ ᠪᠤᠯ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠰᠠᠭᠤᠷᠢ ᠪᠦᠭᠡᠳ ᠮᠦ᠋ᠨ ᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ ᠭᠤᠤᠯᠳ᠋ᠠᠯᠭ᠎ᠠ ᠮᠦ᠋ᠨ᠃ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠵᠠᠰᠠᠬᠤ ᠶᠢᠨ ᠴᠢᠬᠤᠯᠠ ᠴᠢᠨᠠᠷ ᠪᠠ ᠬᠦᠴᠢᠷ ᠪᠡᠷᠭᠡ ᠴᠢᠨᠠᠷ ᠢ ᠭᠦᠢᠴᠡᠳ ᠲᠠᠨᠢᠨ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦ᠋ᠭᠦᠭᠡᠷᠦᠮᠵᠢ ᠶᠢ ᠦᠷᠭᠦᠯᠵᠢᠯᠡᠨ ᠲᠡᠭᠦᠯᠳ᠋ᠡᠷᠵᠢᠭᠦᠯᠵᠦ᠂ ᠤᠷᠳ᠋ᠤ ᠬᠤᠭᠤᠴᠠᠭᠠᠨ ᠤ ᠪᠦᠳ᠋ᠦᠮᠵᠢᠳ᠋ᠠᠢ ᠬᠠᠮᠢᠶᠠᠷᠤᠨ ᠬᠠᠮᠠᠭᠠᠯᠠᠬᠤ ᠲᠤᠭᠳ᠋ᠠᠴᠠ ᠶᠢ ᠪᠦᠷᠢᠨᠰᠢᠭᠦᠯᠦᠨ ᠲᠡᠭᠦᠯᠳ᠋ᠡᠷᠵᠢᠭᠦᠯᠵᠦ᠂ ᠪᠦᠬᠦ ᠪᠠᠯᠭᠠᠰᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠡᠷᠭᠦᠯ ᠬᠠᠮᠠᠭᠠᠯᠠᠯ ᠤᠨ ᠵᠠᠰᠠᠯᠳ᠋ᠠ ᠶᠢᠨ ᠦᠷ᠎ᠠ ᠪᠦᠳ᠋ᠦᠭᠡᠯ ᠢ ᠪᠡᠬᠢᠵᠢᠭᠦᠯᠦᠨ ᠲᠡᠭᠡᠭ᠍ᠰᠢᠯᠡᠭᠦᠯᠬᠦ ᠬᠡᠷᠡᠭ᠍ᠳ᠋ᠠᠢ︔ ᠠᠷᠠᠳ ᠤᠨ ᠲᠦ᠋ᠯᠦᠭᠡᠯᠡᠭ᠍ᠴᠢ ᠶᠢᠨ ᠬᠢᠨᠠᠯᠳ᠋ᠠ ᠲᠠᠯᠪᠢᠵᠤ ᠠᠬᠢᠭᠤᠯᠬᠤ ᠦᠢᠯᠡᠳ᠋ᠦᠯ ᠢ ᠪᠠᠳ᠋ᠠᠷᠠᠭᠤᠯᠬᠤ ᠶᠢ ᠴᠢᠬᠤᠯᠠᠴᠢᠯᠡᠨ᠂ ᠬᠦᠮᠦᠨ ᠰᠠᠭᠤᠴᠠ ᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠠᠷᠢᠭᠤᠨ ᠴᠡᠪᠡᠷ ᠢ ᠵᠠᠰᠠᠬᠤ ᠳᠤ ᠬᠢᠨᠠᠯᠳ᠋ᠠ ᠲᠠᠯᠪᠢᠬᠤ ᠠᠷᠭ᠎ᠠ ᠠᠪᠴᠠᠯ ᠶᠢᠡᠨ ᠦᠷᠭᠦᠯᠵᠢᠯᠡᠨ ᠲᠡᠭᠦᠯᠳ᠋ᠡᠷᠵᠢᠭᠦᠯᠵᠦ᠂ ᠠᠷᠢᠭᠤᠨ ᠴᠡᠪᠡᠷ ᠭᠤᠶᠤ ᠰᠠᠢ᠌ᠬᠠᠨ᠂ ᠲᠤᠬᠢᠯᠢᠭ ᠲᠠᠭᠠᠯᠠᠮᠵᠢᠳ᠋ᠠᠢ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠪᠤᠢ ᠪᠤᠯᠭᠠᠵᠤ᠂ ᠦᠷᠭᠡᠨ ᠤᠯᠠᠨ ᠠᠷᠠᠳ ᠲᠦ᠋ᠮᠡᠨ ᠤ ᠤᠷᠤᠰᠢᠨ ᠰᠠᠭᠤᠷᠢᠰᠢᠬᠤ ᠴᠢᠨᠠᠷ ᠴᠢᠨᠰᠠᠭ᠎ᠠ ᠪᠠ ᠵᠤᠯ ᠵᠢᠷᠭᠠᠯ ᠤᠨ ᠵᠢᠭᠠᠯᠳ᠋ᠠ ᠲᠤᠭ᠎ᠠ ᠶᠢ ᠲᠡᠭᠡᠭ᠍ᠰᠢᠯᠡᠭᠦᠯᠬᠦ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠃ (ᠨᠠᠢ᠌ᠷᠠᠭᠤᠯᠤᠭᠴᠢ᠄ ᠯᠸᠢ ᠫᠠᠩ)