ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ᠁
ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠠᠷᠤ ᠬᠦᠨᠳ᠋ᠡᠯᠡᠨ ᠪᠠᠯᠭᠠᠰᠤᠨ ᠤ ᠪᠠᠶᠠᠨᠴᠠᠭᠠᠨ ᠭᠠᠴᠠᠭ᠎ᠠ ᠶᠢᠨ ᠨᠠᠮ ᠤᠨ ᠡᠭᠦᠷ ᠤᠨ ᠱᠦ᠋ᠵᠢ ᠲᠤᠰᠬᠤᠨ ᠤ ᠵᠦ᠋ᠪᠯᠡᠯ ᠤᠨ ᠡᠷᠬᠢᠯᠡᠭ᠍ᠴᠢ ᠲᠦ᠋ᠷᠭᠡᠨᠪᠠᠶᠠᠷ ᠤᠭ ᠰᠠᠨᠠᠭ᠎ᠠ ᠪᠠᠨ ᠦᠯᠦ ᠮᠠᠷᠳ᠋ᠠᠨ ᠠᠷᠠᠳ ᠤᠨ ᠲᠦ᠋ᠯᠦᠭᠡ ᠴᠢᠷᠮᠠᠢ᠌ᠵᠤ ᠪᠠᠢ᠌ᠭ᠎ᠠ

       

  ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠠᠷᠤ ᠬᠦᠨᠳ᠋ᠡᠯᠡᠨ ᠪᠠᠯᠭᠠᠰᠤᠨ ᠤ ᠲᠦ᠋ᠷᠪᠡᠳ᠋ᠦᠭᠡᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠮᠦ᠋ᠨ ᠴᠦ ᠪᠠᠶᠠᠨᠴᠠᠭᠠᠨ ᠭᠠᠴᠠᠭ᠎ᠠ ᠶᠢᠨ ᠨᠠᠮ ᠤᠨ ᠡᠭᠦᠷ ᠤᠨ ᠱᠦ᠋ᠵᠢ ᠲᠤᠰᠬᠤᠨ ᠤ ᠵᠦ᠋ᠪᠯᠡᠯ ᠤᠨ ᠡᠷᠬᠢᠯᠡᠭ᠍ᠴᠢ ᠲᠦ᠋ᠷᠭᠡᠨᠪᠠᠶᠠᠷ ᠤᠯᠠᠨ ᠲᠦ᠋ᠮᠡᠨ ᠤ ᠬᠦᠰᠡᠯ ᠨᠠᠢ᠌ᠳ᠋ᠠᠯᠭ᠎ᠠ ᠶᠢ ᠬᠦᠰᠡᠷᠳ᠋ᠡᠭᠦᠯᠬᠦ ᠦᠭᠡᠶ᠂ ᠨᠠᠮᠴᠢ ᠴᠢᠨᠠᠷ ᠢ ᠪᠠᠷᠢᠮᠳ᠋ᠠᠯᠠᠵᠦ᠂ ᠨᠡᠢ᠌ᠳ᠋ᠡ ᠶᠢᠨ ᠲᠦ᠋ᠯᠦᠭᠡ ᠦᠪᠡᠷ ᠢ ᠪᠠᠨ ᠮᠠᠷᠳ᠋ᠠᠨ᠂ ᠰᠢᠨ᠎ᠠ ᠴᠠᠭ ᠦᠶ᠎ᠠ ᠶᠢᠨ ᠱᠠᠭᠠᠷᠳ᠋ᠠᠯᠭ᠎ᠠ ᠶᠢ ᠤᠨᠤᠪᠴᠢᠳ᠋ᠠᠢ ᠡᠵᠡᠮᠳ᠋ᠡᠵᠦ᠂ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠬᠠᠦᠯᠢ ᠶᠤᠰᠤᠭᠠᠷ ᠭᠦᠢᠴᠡᠳᠭᠡᠨ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠪᠦᠬᠦ ᠰᠡᠳᠭᠢᠯ ᠪᠦᠬᠦ ᠵᠤᠷᠢᠭ ᠶᠢᠡᠷ ᠶᠢᠡᠨ ᠠᠷᠠᠳ ᠲᠦ᠋ᠮᠡᠨ ᠳᠤ ᠦᠢᠯᠡᠴᠢᠯᠡᠨ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠪᠢᠰᠢᠷᠡᠭᠦᠰᠢᠳ᠋ᠠᠢ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃

        
        ᠲᠦ᠋ᠷᠭᠡᠨᠪᠠᠶᠠᠷ ᠪᠠᠢ᠌ᠴᠠᠭᠠᠨ ᠰᠤᠳ᠋ᠤᠯᠤᠯᠳ᠋ᠠ ᠶᠢᠨ ᠲᠤᠮᠳ᠋ᠠ ᠢᠯᠡᠷᠡᠭᠦᠯᠦᠭ᠍ᠰᠡᠨ ᠶᠢᠡᠷ᠂ ᠵᠢᠯ ᠪᠦᠷᠢ ᠶᠢᠨ ᠨᠠᠮᠤᠷ ᠤᠨ ᠡᠪᠡᠰᠦ ᠬᠠᠳ᠋ᠤᠬᠤ ᠤᠯᠠᠷᠢᠯ᠂ ᠭᠠᠴᠠᠭᠠᠨ ᠤ ᠠᠷᠠᠳ ᠡᠪᠡᠰᠦ ᠬᠠᠳ᠋ᠤᠬᠤ ᠲᠦ᠋ᠭᠦᠭᠡᠷᠦᠮᠵᠢ ᠲᠤᠳ᠋ᠠᠭᠳ᠋ᠠᠨ᠂ ᠡᠪᠡᠰᠦ ᠬᠠᠳ᠋ᠤᠬᠤ ᠠᠵᠢᠯ ᠤᠨ ᠠᠬᠢᠴᠠ ᠤᠳ᠋ᠠᠭᠠᠨ ᠪᠠᠢ᠌ᠵᠤ᠂ ᠵᠠᠷᠢᠮ ᠦᠶ᠎ᠠ ᠳᠤ ᠬᠠᠮᠤᠭ ᠤᠨ ᠰᠠᠢ᠌ᠨ ᠡᠪᠡᠰᠦ ᠬᠠᠳ᠋ᠤᠵᠤ ᠬᠤᠷᠢᠶᠠᠬᠤ ᠬᠤᠭᠤᠴᠠᠭ᠎ᠠ ᠶᠢ ᠦᠩᠭᠡᠷᠡᠭᠡᠨ᠂ ᠮᠠᠯᠴᠢᠨ ᠲᠦ᠋ᠮᠡᠨ ᠤ ᠡᠪᠦᠯ ᠤᠨ ᠤᠯᠠᠷᠢᠯ ᠤᠨ ᠡᠪᠡᠰᠦ ᠪᠤᠷᠳ᠋ᠤᠭ᠎ᠠ ᠨᠦ᠋ᠭᠡᠴᠡᠯᠡᠬᠦ ᠳᠤ ᠵᠤᠬᠢᠬᠤ ᠬᠡᠮᠵᠢᠶᠡᠨ ᠤ ᠬᠦᠴᠢᠷᠳ᠋ᠡᠯ ᠲᠤᠯᠭᠠᠷᠠᠵᠤ ᠪᠠᠢ᠌ᠬᠤ ᠶᠢ ᠤᠢ᠌ᠯᠠᠭᠠᠪᠠ᠃ ᠪᠠᠢ᠌ᠳ᠋ᠠᠯ ᠢ ᠤᠢ᠌ᠯᠠᠭᠠᠭᠰᠠᠨ ᠤ ᠲᠠᠷᠠᠭ᠎ᠠ ᠲᠦ᠋ᠷᠭᠡᠨᠪᠠᠶᠠᠷ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠲᠡᠶ ᠢᠳ᠋ᠡᠪᠬᠢᠳ᠋ᠠᠢ ᠬᠠᠷᠢᠯᠴᠡᠨ᠂ ᠬᠠᠮᠳ᠋ᠤ ᠶᠢᠨ ᠠᠵᠤ ᠠᠬᠤᠢ ᠶᠢᠨ ᠲᠦ᠋ᠷᠦᠯ ᠵᠦ᠋ᠢᠯ ᠢ ᠴᠢᠷᠮᠠᠢ᠌ᠨ ᠤᠯᠵᠤ᠂ 80 ᠲᠦ᠋ᠮᠡᠨ ᠲᠦ᠋ᠭᠦᠷᠢᠭ᠌ ᠵᠠᠷᠤᠴᠠᠭᠤᠯᠵᠤ ᠪᠠᠢ᠌ᠭᠠᠳ ᠲᠤᠮᠤ ᠬᠡᠯᠪᠡᠷᠢ ᠶᠢᠨ ᠨᠤᠭᠤᠭᠠᠨ ᠲᠠᠷᠤᠰᠢ ᠶᠢᠨ ᠬᠠᠳ᠋ᠤᠵᠤ ᠬᠤᠷᠢᠶᠠᠬᠤ ᠮᠠᠰᠢᠨ᠂ ᠡᠪᠡᠰᠦ ᠪᠤᠭᠤᠵᠢᠯᠠᠬᠤ ᠮᠠᠰᠢᠨ᠂ ᠲᠷᠠᠺᠲ᠋ᠣᠷ᠂ ᠬᠦᠷᠪᠡᠭᠦᠯᠬᠦ ᠲᠡᠷᠭᠡ᠂ ᠲᠤᠮᠤ ᠬᠡᠯᠪᠡᠷᠢ ᠶᠢᠨ ᠤᠳᠬᠤᠭᠤᠷ ᠲᠡᠷᠭᠡ ᠲᠤᠰ ᠪᠦᠷᠢ ᠨᠢᠭᠡ ᠶᠢ ᠬᠤᠳ᠋ᠠᠯᠳ᠋ᠤᠨ ᠠᠪᠴᠦ᠂ 《ᠨᠠᠮ ᠤᠨ ᠡᠭᠦᠷ+ ᠬᠤᠷᠰᠢᠶ᠎ᠠ+ ᠮᠠᠯᠴᠢᠨ》 ᠤ ᠡᠵᠡᠩᠨᠡᠯᠳ᠋ᠡ ᠶᠢᠨ ᠵᠠᠭᠪᠤᠷ ᠶᠢᠡᠷ ᠦᠢᠯᠡᠴᠢᠯᠡᠭᠡ+ ᠤᠷᠤᠯᠭ᠎ᠠ ᠡᠭᠦᠳᠬᠦ ᠬᠡᠯᠪᠡᠷᠢ ᠶᠢᠨ ᠬᠦᠭ᠍ᠵᠢᠯᠳ᠋ᠡ ᠶᠢᠨ ᠵᠠᠭᠪᠤᠷ ᠢ ᠰᠦ᠋ᠪᠡᠭ᠍ᠴᠢᠯᠡᠵᠦ᠂ ᠨᠤᠭᠤᠭᠠᠨ ᠪᠤᠷᠳ᠋ᠤᠭ᠎ᠠ ᠶᠢ ᠲᠠᠷᠢᠬᠤ᠂ ᠪᠤᠯᠪᠠᠰᠤᠷᠠᠭᠤᠯᠬᠤ᠂ ᠬᠠᠳ᠋ᠠᠭᠠᠯᠠᠬᠤ᠂ ᠪᠤᠷᠤᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠠ ᠶᠢ ᠪᠦᠷᠢᠯᠳ᠋ᠦᠭᠦᠯᠦᠨ᠂ ᠡᠷᠭᠢᠨ ᠲᠤᠭᠤᠷᠢᠨ ᠤ ᠲᠤᠰᠬᠤᠨ ᠤ ᠠᠷᠠᠳ ᠲᠤ ᠦᠨ᠎ᠠ ᠲᠦ᠋ᠯᠦᠪᠦᠷᠢ ᠲᠡᠶ ᠦᠢᠯᠡᠴᠢᠯᠡᠭᠡ ᠬᠠᠩᠭ᠋ᠠᠬᠤ ᠪᠠᠷ ᠲᠠᠮᠵᠢᠨ ᠭᠠᠴᠠᠭᠠᠨ ᠤ ᠤᠷᠤᠯᠭ᠎ᠠ ᠬᠤᠭᠤᠰᠤᠨ ᠪᠠᠢ᠌ᠭᠰᠡᠨ ᠲᠡᠦᠬᠡ ᠶᠢ ᠡᠴᠦᠰᠯᠡᠭᠦᠯᠵᠦ᠂ ᠤᠳ᠋ᠤ ᠭᠠᠴᠠᠭᠠᠨ ᠤ ᠬᠠᠮᠳ᠋ᠤ ᠶᠢᠨ ᠠᠵᠤ ᠠᠬᠤᠢ ᠶᠢᠨ ᠤᠷᠤᠯᠭ᠎ᠠ 10 ᠲᠦ᠋ᠮᠡᠨ ᠲᠦ᠋ᠭᠦᠷᠢᠭ᠌ ᠡᠴᠡ ᠲᠡᠭᠡᠭ᠍ᠰᠢ ᠪᠤᠯᠪᠠ᠃ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠢ ᠢᠳ᠋ᠡᠪᠬᠢᠳ᠋ᠠᠢ ᠬᠠᠪᠰᠤᠷᠤᠨ ᠬᠤᠩ ᠵᠢᠶ‍ᠦ᠋ᠨ ᠬᠦᠩᠭᠡᠨᠴᠠᠭᠠᠨ ᠴᠠᠬᠢᠯᠭᠠᠨ ᠤ ᠺᠤᠮᠫᠠᠨᠢ ᠲᠡᠶ ᠬᠠᠷᠢᠯᠴᠡᠵᠦ᠂ ᠨᠡᠢ᠌ᠳ᠋ᠡ 220 ᠲᠦ᠋ᠮᠡᠨ ᠲᠦ᠋ᠭᠦᠷᠢᠭ᠌ ᠤᠨ ᠪᠡᠯᠡ ᠤᠷᠤᠭᠤᠯᠤᠨ᠂ 9.93 ᠺᠢᠯᠤᠮᠸᠲ᠋ᠷ ᠤᠷᠳ᠋ᠤ ᠮᠠᠯᠴᠢᠳ ᠤᠨ ᠲᠤᠪᠤ ᠶᠢᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠦᠨᠳ᠋ᠦᠷ ᠬᠦᠴᠦᠳ᠋ᠡᠯᠳ᠋ᠦ ᠴᠠᠬᠢᠯᠭᠠᠨ ᠤ ᠲᠦ᠋ᠷᠦᠯ ᠵᠦ᠋ᠢᠯ ᠢ ᠤᠳ᠋ᠤ ᠶᠠᠭ ᠪᠠᠢ᠌ᠭᠤᠯᠵᠤ ᠪᠤᠢ᠂ ᠵᠢᠱᠢᠯᠳ᠋ᠡ ᠪᠠᠷ ᠪᠠᠷᠤᠭ ᠲᠤᠰ ᠵᠢᠯ ᠤᠨ 11 ᠰᠠᠷ᠎ᠠ ᠳᠤ ᠠᠰᠢᠭᠯᠠᠯᠳ᠋ᠠ ᠳᠤ ᠤᠷᠤᠵᠤ᠂ ᠪᠠᠶᠠᠨᠴᠠᠭᠠᠨ ᠭᠠᠴᠠᠭᠠᠨ ᠤ 56  ᠮᠠᠯᠴᠢᠳ ᠤᠨ ᠲᠤᠪᠤ ᠶᠢᠨ ᠦᠢᠯᠡᠳᠪᠦᠷᠢᠯᠡᠯ ᠠᠮᠢᠳ᠋ᠤᠷᠠᠯ ᠳᠤ ᠴᠠᠬᠢᠯᠭᠠᠨ ᠬᠡᠷᠡᠭᠯᠡᠬᠦ ᠬᠦᠴᠢᠷᠳ᠋ᠠᠢ ᠠᠰᠠᠭᠤᠳ᠋ᠠᠯ ᠢ ᠪᠦᠳ᠋ᠦᠮᠵᠢᠳ᠋ᠠᠢ ᠰᠢ᠌ᠳᠪᠦᠷᠢᠯᠡᠨ᠎ᠠ᠃

        
        ᠤᠯᠠᠨ ᠲᠦ᠋ᠮᠡᠨ ᠢ ᠲᠠᠭᠠᠭᠤᠯᠤᠨ ᠭᠠᠴᠠᠭᠠᠨ ᠤ ᠦᠭᠡᠷ ᠲᠡᠵᠢᠭᠡᠬᠦ ᠬᠤᠷᠰᠢᠶᠠᠵᠢᠯ ᠢ ᠪᠠᠢ᠌ᠭᠤᠯᠤᠨ᠂ 15 ᠠᠮᠢᠳ᠋ᠤᠷᠠᠯ ᠬᠦᠴᠢᠷᠳ᠋ᠡᠯᠳ᠋ᠠᠢ ᠡᠷᠦᠭᠡ ᠶᠢ ᠲᠠᠢ᠌ᠴᠢᠯᠡᠨ᠂ 189 ᠫᠧᠩ ᠰᠠᠷᠠᠪᠴᠢ ᠪᠠᠢ᠌ᠭᠤᠯᠵᠤ ᠦᠭ‍ᠬᠦᠪᠡ᠃ ᠮᠠᠯᠴᠢᠳ ᠲᠤ ᠲᠡᠵᠢᠭᠡᠯ ᠡᠪᠡᠰᠦ ᠨᠦ᠋ᠭᠡᠴᠡᠯᠡᠬᠦ ᠪᠠ ᠭᠠᠳ᠋ᠠᠭᠰᠢ ᠭᠠᠷᠬᠤ ᠳᠤ ᠲᠦ᠋ᠭᠦᠮ ᠦᠵᠡᠭᠦᠯᠬᠦ ᠶᠢᠨ ᠲᠤᠰᠠᠳ᠋ᠠ᠂ ᠬᠠᠷᠢᠶ᠎ᠠ ᠤᠷᠤᠨ ᠤ ᠠᠵᠤ ᠠᠬᠤᠢ᠌ᠯᠠᠯ ᠲᠡᠶ ᠵᠤᠬᠢᠴᠠᠭᠤᠯᠤᠨ ᠭᠤᠷᠪᠠᠨ ᠠᠢ᠌ᠯ ᠲᠤᠰᠬᠤᠨ ᠤ ᠲᠠᠷᠢᠶᠠᠨ ᠵᠠᠮ ᠢ 23 ᠺᠢᠯᠤᠮᠸᠲ᠋ᠷ ᠵᠠᠰᠠᠪᠠ︔ ᠱᠦ᠋ᠢᠨᠢ ᠶᠢᠨ ᠵᠠᠮ ᠤᠨ ᠬᠤᠶᠠᠷ ᠬᠠᠵᠠᠭᠤ ᠳᠤ 8000 ᠲᠡᠭ᠍ᠰᠢ ᠲᠦ᠋ᠷᠪᠡᠯᠵᠢᠨ ᠮᠸᠲ᠋ᠷ ᠤᠨ ᠵᠠᠮ ᠲᠡᠪᠰᠴᠦ᠂ ᠮᠠᠯᠴᠢᠳ ᠤᠨ ᠲᠤᠪᠤ ᠬᠦᠷᠬᠦ 15 ᠺᠢᠯᠤᠮᠸᠲ᠋ᠷ ᠤᠨ ᠬᠠᠢ᠌ᠷ ᠴᠢᠯᠠᠭᠤᠨ ᠵᠠᠮ ᠲᠡᠪᠢᠰᠴᠦ᠂ ᠮᠠᠯᠴᠢᠳ ᠤᠨ ᠪᠠᠶᠠᠵᠢᠯ ᠤᠨ ᠵᠠᠮ ᠢ ᠨᠡᠬᠡᠭᠡᠭ᠍ᠰᠡᠨ ᠶᠢᠡᠷ ᠪᠠᠷᠠᠬᠤ ᠦᠭᠡᠶ ᠺᠠᠳ᠋ᠷ ᠤᠯᠠᠨ ᠲᠦ᠋ᠮᠡᠨ ᠤ ᠰᠡᠳᠭᠢᠯ ᠤᠨ ᠬᠦᠭᠦᠷᠭᠡ ᠶᠢ ᠪᠤᠰᠬᠠᠵᠠᠢ᠃ ᠲᠡᠷᠡ ᠤᠯᠠᠨ ᠲᠦ᠋ᠮᠡᠨ ᠢ ᠬᠦᠳ᠋ᠦᠯᠦᠨ ᠵᠢᠯᠤᠭᠤᠳᠴᠦ ᠲᠤᠰᠬᠤᠨ ᠤ ᠲᠦ᠋ᠷᠢᠮ ᠠᠷᠠᠳ ᠤᠨ ᠭᠡᠷ᠎ᠠ ᠶᠢ ᠨᠠᠷᠢᠨ ᠨᠢᠮᠪᠠᠢ ᠰᠤᠳ᠋ᠤᠯᠤᠨ ᠲᠤᠭᠳ᠋ᠠᠭᠠᠵᠤ᠂ ᠮᠠᠯᠵᠢᠬᠤ ᠲᠠᠷᠢᠶᠠᠯᠠᠬᠤ ᠡᠷᠦᠭᠡ ᠶᠢᠨ ᠭᠡᠷ ᠪᠠᠢ᠌ᠰᠢᠩ ᠤᠨ ᠡᠮᠦᠨ᠎ᠠ ᠬᠤᠢ᠌ᠨ᠎ᠠ 《ᠭᠤᠷᠪᠠ ᠶᠢ ᠲᠠᠭᠠᠭᠠᠴᠢᠯᠠᠬᠤ》 ᠬᠠᠮᠢᠶᠠᠷᠤᠯᠳ᠋ᠠ ᠬᠠᠮᠠᠭᠠᠯᠠᠯᠳ᠋ᠠ ᠶᠢᠨ ᠲᠦ᠋ᠷᠢᠮ ᠢ ᠴᠢᠩᠭ᠎ᠠ ᠬᠡᠷᠡᠭ᠍ᠵᠢᠭᠦᠯᠦᠨ᠂ ᠭᠠᠴᠠᠭᠠᠨ ᠤ ᠤᠯᠠᠨ ᠲᠦ᠋ᠮᠡᠨ ᠲᠤᠰᠬᠤᠨ ᠤ ᠬᠡᠷᠡᠭ᠌ ᠶᠠᠪᠤᠳ᠋ᠠᠯ ᠳᠤ ᠤᠷᠤᠯᠴᠠᠬᠤ ᠢᠳ᠋ᠡᠪᠬᠢᠵᠢᠯ ᠢ ᠲᠠᠢ᠌ᠴᠢᠯᠠᠵᠤ᠂ ᠭᠠᠴᠠᠭᠠᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠴᠠᠪᠡᠷ ᠲᠡᠭ᠍ᠰᠢ ᠪᠠᠢ᠌ᠬᠤ ᠶᠢ ᠪᠠᠳ᠋ᠤᠯᠠᠨ᠂ ᠪᠦᠬᠦ ᠲᠤᠰᠬᠤᠨ ᠤ ᠤᠯᠠᠨ ᠲᠦ᠋ᠮᠡᠨ ᠤ ᠴᠢᠷᠮᠠᠢ᠌ᠯᠭ᠎ᠠ ᠪᠠᠷ ᠲᠠᠮᠵᠢᠨ ᠪᠠᠶᠠᠨᠴᠠᠭᠠᠨ ᠭᠠᠴᠠᠭ᠎ᠠ ᠬᠤᠳ᠋ᠠ ᠶᠢᠨ ᠲᠡᠰ ᠤᠨ ᠪᠤᠯᠪᠠᠰᠤᠨ ᠲᠤᠰᠬᠤᠨ ᠶᠢᠡᠷ ᠦᠨᠡᠯᠡᠭ᠍ᠳ᠋ᠡᠪᠡ᠃

        
        ᠲᠦ᠋ᠷᠭᠡᠨᠪᠡᠶᠠᠷ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ ᠬᠤᠪᠢ ᠪᠡᠶ᠎ᠠ ᠪᠠᠷ ᠶᠢᠡᠨ ᠬᠡᠪ ᠲᠦ᠋ᠷᠢᠮ ᠪᠤᠯᠵᠤ᠂ ᠬᠦᠳ᠋ᠦᠯᠦᠨ ᠲᠠᠭᠠᠭᠤᠯᠤᠭᠴᠢ ᠶᠢᠨ ᠦᠢᠯᠡᠳ᠋ᠦᠯ ᠢ ᠪᠠᠳ᠋ᠠᠷᠠᠭᠤᠯᠵᠤ ᠪᠠᠢ᠌ᠨ᠎ᠠ᠃ ᠯᠢ ᠹᠦ᠋ ᠶᠢᠨ ᠨᠢᠭᠡ ᠭᠡᠷ ᠪᠤᠯ ᠲᠡᠷᠡ ᠤ ᠬᠠᠮᠤᠭ ᠰᠠᠨᠠᠭᠠᠰᠢᠷᠠᠵᠤ ᠪᠠᠢ᠌ᠭ᠎ᠠ ᠠᠮᠢᠳ᠋ᠤᠷᠠᠯ ᠨᠢ ᠬᠦᠴᠢᠷᠳ᠋ᠡᠯᠳ᠋ᠠᠢ ᠡᠷᠦᠭᠡ ᠪᠤᠯᠤᠨ᠎ᠠ᠂ ᠯᠢ ᠹᠦ᠋ ᠶᠢᠨ ᠲᠤᠤᠷ᠎ᠠ ᠮᠦ᠋ᠴᠢ ᠶᠢᠨ ᠯᠤᠭᠰᠢᠭᠤᠨ ᠰᠤᠳ᠋ᠠᠯ ᠨᠢ ᠬᠠᠳ᠋ᠠᠭᠤᠷᠠᠵᠤ ᠬᠤᠶᠠᠷ ᠬᠦᠯ ᠨᠢ ᠭᠡᠮᠳ᠋ᠡᠨ᠂ ᠡᠬᠡᠨᠠᠷ ᠨᠢ ᠪᠠᠰᠠ ᠬᠦᠬᠦᠨ ᠪᠤᠯᠴᠢᠷᠬᠠᠢ ᠶᠢᠨ ᠦᠮᠡᠨ ᠳᠤ ᠨᠡᠷᠪᠡᠭ᠍ᠳ᠋ᠡᠨ᠂ ᠬᠦᠳ᠋ᠡᠯᠮᠦᠷᠢ ᠳᠤ ᠤᠷᠤᠯᠴᠠᠵᠤ ᠲᠡᠢ᠌ᠯᠬᠦ ᠦᠭᠡᠶ ᠪᠤᠯᠵᠠᠢ᠂ ᠪᠠᠢ᠌ᠳ᠋ᠠᠯ ᠢ ᠤᠢ᠌ᠯᠠᠭᠠᠭᠰᠠᠨ ᠤ ᠲᠠᠷᠠᠭ᠎ᠠ᠂ ᠲᠦ᠋ᠷᠭᠡᠨᠪᠠᠶᠠᠷ ᠦᠷᠬᠦᠯᠵᠢ ᠨᠠᠮ ᠤᠨ ᠭᠡᠰᠢᠭᠦᠨ ᠺᠠᠳ᠋ᠷᠴᠤᠳ ᠢ ᠲᠠᠭᠠᠭᠤᠯᠤᠨ ᠯᠢ  ᠹᠦ᠋ ᠶᠢᠨ ᠭᠡᠷ ᠲᠤ ᠬᠦᠷᠴᠦ ᠬᠦᠷᠢᠶᠡᠯᠡᠭ᠌ ᠤᠨ ᠲᠠᠷᠢᠮᠡᠯ ᠢ ᠨᠢ ᠬᠠᠪᠰᠤᠷᠤᠨ ᠲᠠᠷᠢᠵᠤ᠂ ᠡᠪᠦᠯ ᠤᠨ ᠤᠯᠠᠷᠢᠯ ᠤᠷᠤᠬᠤ ᠡᠴᠡ ᠡᠮᠦᠨ᠎ᠠ ᠡᠪᠦᠯᠵᠢᠬᠦ ᠳᠤ ᠵᠠᠷᠤᠬᠤ ᠡᠪᠡᠰᠦ ᠪᠤᠷᠳ᠋ᠤᠭ᠎ᠠ ᠪᠤᠯᠤᠨ ᠰᠢᠳ᠋ᠠᠭᠠᠯᠭ᠎ᠠ ᠶᠢᠨ ᠨᠡᠭᠦᠷᠡᠰᠦ ᠶᠢ ᠤᠷᠢᠳᠴᠢᠯᠡᠨ ᠪᠡᠯᠡᠳᠭᠡᠵᠦ᠂ ᠲᠤᠭᠳ᠋ᠠᠭᠰᠠᠨ ᠬᠤᠭᠤᠴᠠᠭ᠎ᠠ ᠲᠡᠶ ᠪᠠᠷ ᠭᠤᠯᠢᠷ ᠪᠤᠳ᠋ᠠᠭ᠎ᠠ ᠬᠦᠷᠭᠡᠨ᠂ ᠲᠡᠳ᠋ᠡᠨ ᠤ ᠨᠢᠭᠡ ᠭᠡᠷ ᠤᠨ ᠠᠮᠢᠳ᠋ᠤᠷᠠᠯ ᠢ ᠬᠠᠷᠠᠭᠠᠯᠵᠠᠭᠰᠠᠭᠠᠷ ᠢᠷᠡᠪᠡ᠃ ᠯᠢ  ᠹᠦ᠋ ᠶᠢᠨ ᠬᠦᠦ ᠨᠢ ᠪᠠᠰᠠ ᠤᠶᠤᠨ ᠤ ᠰᠠᠭᠠᠳ ᠲᠡᠶ ᠤᠴᠢᠷ ᠡᠴᠡ ᠬᠡᠪ ᠤᠨ ᠶᠤᠰᠤᠭᠠᠷ ᠠᠵᠢᠯᠯᠠᠵᠤ ᠴᠢᠳ᠋ᠠᠬᠤ ᠦᠭᠡᠶ ᠪᠠᠢ᠌ᠵᠤ᠂ ᠲᠦ᠋ᠷᠭᠡᠨᠪᠠᠶᠠᠷ ᠲᠡᠭᠦᠨ ᠳᠤ ᠭᠠᠴᠠᠭᠠᠨ ᠤ ᠴᠡᠪᠴᠡᠷᠯᠡᠭ᠍ᠴᠢ ᠶᠢᠨ ᠠᠵᠢᠯ ᠤᠨ ᠪᠠᠢ᠌ᠷᠢ ᠲᠤᠬᠢᠷᠠᠭᠤᠯᠵᠤ ᠦᠭ᠍ᠴᠠᠢ᠂ ᠯᠢ  ᠹᠦ᠋ ᠶᠢᠨ ᠭᠡᠷ ᠨᠢ ᠲᠤᠭᠳ᠋ᠠᠪᠤᠷᠢᠳ᠋ᠠᠢ ᠠᠵᠤ ᠠᠬᠤᠢ ᠶᠢᠨ ᠤᠷᠤᠯᠭ᠎ᠠ ᠲᠡᠶ ᠪᠤᠯᠵᠤ᠂ ᠦᠨᠳ᠋ᠦᠰᠦᠨ ᠠᠮᠢᠳ᠋ᠤᠷᠠᠯ ᠤᠨ ᠵᠠᠷᠤᠯᠭ᠎ᠠ ᠶᠢᠨ ᠠᠰᠠᠭᠤᠳ᠋ᠠᠯ ᠢ ᠨᠢ ᠰᠢ᠌ᠳᠪᠦᠷᠢᠯᠡᠵᠦ ᠦᠭ᠍ᠴᠠᠢ᠃ ᠨᠡᠩ ᠰᠠᠢ᠌ᠨ ᠬᠠᠷᠠᠭᠠᠯᠵᠠᠬᠤ ᠶᠢᠨ ᠲᠦ᠋ᠯᠦᠭᠡ ᠲᠡᠷᠡ ᠴᠢᠯᠦᠭᠡ ᠭᠠᠷᠪᠠᠯ ᠯᠢ  ᠹᠦ᠋ ᠶᠢᠨ ᠬᠦᠦ ᠶᠢ ᠬᠠᠪᠰᠤᠷᠴᠦ ᠴᠡᠪᠡᠷᠯᠡᠭᠡ ᠬᠢᠵᠦ ᠠᠵᠢᠯ ᠢ ᠨᠢ ᠴᠢᠳ᠋ᠠᠯ ᠤᠨ ᠬᠢᠷᠢ ᠪᠠᠷ ᠬᠦᠩᠭᠡᠷᠡᠭᠦᠯᠵᠦ ᠦᠭ‍ᠬᠦᠨ᠎ᠠ᠃ ᠲᠡᠷᠡ ᠲᠤᠭᠳ᠋ᠠᠮᠠᠯ ᠬᠤᠭᠤᠴᠠᠭ᠎ᠠ ᠲᠡᠶ ᠪᠠᠷ ᠪᠠᠯᠭᠠᠰᠤᠨ ᠤ ᠬᠠᠦᠯᠢ ᠴᠠᠭᠠᠵᠠ ᠶᠢᠨ ᠴᠠᠭᠳ᠋ᠠᠭ᠎ᠠ ᠶᠢ ᠤᠷᠢᠵᠤ᠂ ᠠᠷᠠᠳ ᠤᠯᠠᠨ ᠳᠤ ᠬᠠᠦᠯᠢ ᠴᠠᠭᠠᠵᠠ ᠶᠢᠨ ᠮᠡᠳ᠋ᠡᠯᠭᠡ ᠶᠢ ᠲᠠᠢ᠌ᠯᠪᠤᠷᠢᠯᠡᠨ ᠦᠭ᠍ᠴᠦ᠂ ᠬᠠᠦᠯᠢ ᠴᠠᠭᠠᠵᠠ ᠶᠢᠨ ᠮᠡᠳ᠋ᠡᠯᠭᠡ ᠶᠢ ᠲᠦ᠋ᠭᠡᠮᠡᠯᠵᠢᠭᠦᠯᠬᠦ ᠠᠵᠢᠯ ᠳᠤ ᠬᠦᠴᠦᠨ ᠨᠡᠮᠡᠷᠢᠯᠡᠪᠡ᠃ ᠲᠡᠭᠦᠨ ᠤ ᠲᠠᠭᠠᠭᠤᠯᠭ᠎ᠠ ᠲᠤᠤᠷ᠎ᠠ᠂ ᠤᠳ᠋ᠤ ᠭᠠᠴᠠᠭ᠎ᠠ ᠡᠴᠡ ᠡᠯ᠎ᠠ ᠵᠦ᠋ᠢᠯ ᠤᠨ ᠵᠦ᠋ᠷᠢᠴᠡᠯ ᠵᠢᠭᠤᠷᠠᠯᠳ᠋ᠤᠭᠠᠨ ᠢ ᠵᠦ᠋ᠢ ᠵᠤᠬᠢᠰᠳ᠋ᠠᠢ ᠰᠢ᠌ᠳᠪᠦᠷᠢᠯᠡᠨ᠂ ᠵᠦ᠋ᠷᠢᠴᠡᠯ ᠢ ᠦᠨᠳ᠋ᠦᠰᠦᠨ ᠱᠠᠳ᠋ᠤᠨ ᠳ᠋ᠤᠨᠢ ᠠᠷᠢᠯᠭᠠᠵᠤ᠂ ᠪᠦᠯᠬᠦᠮᠳ᠋ᠡᠯ ᠲᠡᠶ᠂ ᠠᠮᠤᠷ ᠲᠤᠭᠳ᠋ᠠᠭᠤᠨ᠂ ᠡᠶ᠎ᠠ  ᠵᠤᠬᠢᠴᠠᠩᠭ᠋ᠤᠢ ᠦᠢᠯᠡᠳᠪᠦᠷᠢᠯᠡᠯ ᠠᠮᠢᠳ᠋ᠤᠷᠠᠯ ᠤᠨ ᠤᠷᠴᠢᠨ ᠲᠤᠭᠤᠷᠢᠨ ᠢ ᠲᠦ᠋ᠷᠦᠭᠦᠯᠡᠨ ᠡᠭᠦᠳ᠋ᠦᠭ᠍ᠰᠡᠨ ᠪᠠᠢ᠌ᠨ᠎ᠠ᠃

        
        ᠲᠦ᠋ᠷᠭᠡᠨᠪᠠᠶᠠᠷ ᠪᠦᠬᠦ ᠰᠡᠳᠭᠢᠯ ᠪᠦᠬᠦ ᠵᠤᠷᠢᠭ ᠶᠢᠡᠷ ᠶᠢᠡᠨ ᠠᠷᠠᠳ ᠲᠦ᠋ᠮᠡᠨ ᠳᠤ ᠦᠢᠯᠡᠴᠢᠯᠡᠬᠦ ᠦᠵᠡᠯ ᠰᠠᠨᠠᠭ᠎ᠠ ᠶᠢ ᠪᠠᠳ᠋ᠤ ᠪᠡᠬᠢ ᠪᠤᠢ ᠪᠤᠯᠭᠠᠵᠤ᠂ ᠪᠤᠳ᠋ᠠᠳ᠋ᠤ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠦᠢᠯᠡᠳ᠋ᠦᠭᠡᠵᠢᠭᠦᠯᠤᠨ᠂ ᠤᠯᠠᠨ ᠲᠦ᠋ᠮᠡᠨ ᠤ ᠲᠡᠮᠵᠢᠯᠭᠡ ᠪᠠ ᠬᠦᠷᠢᠶᠡᠯᠡᠯ ᠢ ᠤᠯᠵᠤ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢᠨ ᠲᠦ᠋ᠯᠦᠭᠡ ᠦᠪᠡᠷ ᠢ ᠪᠠᠨ ᠤᠮᠠᠷᠳ᠋ᠠᠠ ᠠᠵᠢᠯᠯᠠᠵᠤ᠂ ᠠᠯᠬᠤᠮ ᠠᠯᠬᠤᠮ ᠶᠢᠡᠷ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠶᠢᠨ ᠰᠡᠳᠭᠢᠯ ᠬᠦᠳ᠋ᠡᠯᠭᠡᠮ᠎ᠠ ᠬᠠᠭᠤᠳ᠋ᠠᠰᠤ ᠶᠢ ᠪᠢᠴᠢᠭᠯᠡᠵᠦ ᠶᠠᠪᠤᠨ᠎ᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠵᠠᠷᠤᠳ ᠬᠤᠰᠢᠭᠤᠨ ᠤ ᠰᠢᠩ ᠯᠤ ᠵᠠᠮ ᠲᠡᠭᠡᠭᠡᠪᠦᠷᠢ ᠶᠢᠨ ᠬᠢᠵᠠᠭᠠᠷᠳ᠋ᠤ ᠬᠠᠷᠢᠭᠤᠴᠠᠯᠭᠠᠳ᠋ᠤ ᠺᠤᠮᠫᠠᠨᠢ ᠶᠢᠨ ᠨᠠᠮ ᠤᠨ ᠡᠭᠦᠷ ᠤᠨ ᠱᠦ᠋ᠵᠢ ᠲᠠᠭᠠᠭᠠᠮᠠᠯ ᠯᠢᠦ ᠶᠠᠨ ᠯᠦ᠋ᠩ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ ᠪᠤᠳ᠋ᠠᠳ᠋ᠤ ᠠᠵᠢᠯᠯᠠᠭ᠎ᠠ ᠪᠠᠷ ᠶᠢᠡᠨ ᠠᠷᠠᠳ ᠲᠤ ᠦᠢᠯᠡᠴᠢᠯᠡᠬᠦ ᠰᠢᠨ᠎ᠠ ᠬᠠᠭᠤᠳ᠋ᠠᠰᠤ ᠶᠢ ᠪᠢᠴᠢᠭᠯᠡᠵᠦ ᠪᠠᠢ᠌ᠭ᠎ᠠ
ᠳᠠᠷᠠᠭᠠᠬᠢ᠄ ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ