ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ 2022 ᠤᠨ ᠤ ᠭᠤᠤᠯᠳ᠋ᠠᠯᠭ᠎ᠠ ᠲᠡᠶ ᠰᠠᠨᠠᠭᠤᠯᠭ᠎ᠠ ᠶᠢ ᠰᠢ᠌ᠳᠪᠦᠷᠢᠯᠡᠭ᠍ᠰᠡᠨ ᠪᠠᠢ᠌ᠳ᠋ᠠᠯ ᠳᠤ ᠦᠨᠡᠯᠡᠯᠳ᠋ᠡ ᠬᠢᠪᠡ

       
        9 ᠰᠠᠷ᠎ᠠ ᠶᠢᠨ 22 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ 2022 ᠤᠨ ᠤ ᠭᠤᠤᠯᠳ᠋ᠠᠯᠭ᠎ᠠ ᠲᠡᠶ ᠰᠠᠨᠠᠭᠤᠯᠭ᠎ᠠ ᠶᠢ ᠰᠢ᠌ᠳᠪᠦᠷᠢᠯᠡᠭ᠍ᠰᠡᠨ ᠪᠠᠢ᠌ᠳ᠋ᠠᠯ ᠳᠤ ᠦᠨᠡᠯᠡᠯᠳ᠋ᠡ ᠬᠢᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠬᠡᠰᠡᠭ᠌ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠭᠡᠰᠢᠭᠦᠨ ᠪᠤᠯᠤᠨ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠬᠤᠰᠢᠭᠤᠨ ᠲᠡᠳ᠋ ᠲᠠᠷᠤᠭ᠎ᠠ ᠳ᠋ᠢᠩ ᡁᠢ ᠭᠠᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ ᠬᠤᠷᠠᠯ ᠳᠤ ᠰᠤᠯᠠ ᠤᠷᠤᠯᠴᠠᠪᠠ᠃

        


       
        ᠦᠨᠡᠯᠡᠯᠳ᠋ᠡ ᠶᠢᠨ ᠬᠤᠷᠠᠯ ᠡᠴᠡ ᠡᠮᠦᠨ᠎ᠠ᠂ ᠦᠨᠡᠯᠡᠯᠳ᠋ᠡ ᠶᠢᠨ ᠲᠤᠭᠤᠢ᠌ᠯᠠᠩ ᠤᠷᠢᠳ ᠬᠤᠵᠢᠳ ᠭᠡᠷᠴᠢᠯᠠᠭᠤ ᠰᠤᠮᠤ ᠶᠢᠨ ᠬᠦᠭᠦᠷᠭᠡ ᠭᠠᠴᠠᠭ᠎ᠠ᠂ ᠦᠷᠭᠡᠨᠳ᠋ᠠᠯ᠎ᠠ ᠲᠠᠷᠢᠶᠠᠯᠠᠩ ᠤᠨ ᠲᠠᠯᠠᠪᠠᠢ ᠵᠡᠷᠭᠡ ᠭᠠᠵᠠᠷ ᠲᠤ ᠬᠦᠷᠴᠦ᠂ ᠬᠦᠭᠦᠷᠭᠡ ᠭᠠᠴᠠᠭ᠎ᠠ ᠶᠢᠨ ᠬᠦᠭᠦᠷᠭᠡ ᠶᠢ ᠦᠭᠡᠷᠡᠴᠢᠯᠡᠵᠦ ᠦᠷᠭᠡᠳᠬᠡᠨ ᠪᠠᠢ᠌ᠭᠤᠯᠬᠤ ᠢᠨᠵᠢᠨᠧᠷᠢᠩ ᠤᠨ ᠲᠦ᠋ᠷᠦᠯ ᠵᠦ᠋ᠢᠯ᠂ ᠲᠤᠮᠤᠭ ᠤᠳ᠋ᠤᠬᠢᠴᠢᠯᠠᠭᠰᠠᠨ ᠪᠤᠷᠳ᠋ᠤᠭᠠᠨ ᠦᠬᠡᠷ ᠤᠨ ᠰᠠᠭᠤᠷᠢᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠵᠡᠷᠭᠡ ᠬᠡᠰᠡᠭ᠌ ᠭᠤᠤᠯᠳ᠋ᠠᠯᠭ᠎ᠠ ᠲᠡᠶ ᠰᠠᠨᠠᠭᠤᠯᠭ᠎ᠠ ᠶᠢ ᠰᠢ᠌ᠳᠪᠦᠷᠢᠯᠡᠭ᠍ᠰᠡᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠲᠤᠭᠤᠷᠢᠨ ᠪᠠᠢ᠌ᠴᠠᠭᠠᠵᠤ ᠤᠢ᠌ᠯᠠᠭᠠᠪᠠ᠃

          
        ᠲᠤᠬᠠᠢ ᠶᠢᠨ ᠲᠠᠯᠠᠪᠤᠷ ᠢ ᠲᠤᠭᠤᠷᠢᠨ ᠪᠠᠢ᠌ᠴᠠᠭᠠᠵᠤ ᠲᠠᠭᠤᠰᠤᠭᠰᠠᠨ ᠤ ᠲᠠᠷᠠᠭ᠎ᠠ᠂ 2022 ᠤᠨ ᠤ ᠭᠤᠤᠯᠳ᠋ᠠᠯᠭ᠎ᠠ ᠲᠡᠶ ᠰᠠᠨᠠᠭᠤᠯᠭ᠎ᠠ ᠶᠢ ᠰᠢ᠌ᠳᠪᠦᠷᠢᠯᠡᠭ᠍ᠰᠡᠨ ᠪᠠᠢ᠌ᠳ᠋ᠠᠯ ᠤᠨ ᠲᠦ᠋ᠯᠦᠭᠡᠯᠡᠭ᠍ᠴᠢ ᠶᠢᠨ ᠦᠨᠡᠯᠡᠯᠳ᠋ᠡ ᠶᠢᠨ ᠬᠤᠷᠠᠯ ᠬᠤᠷᠠᠯᠳ᠋ᠤᠭᠤᠯᠪᠠ᠃ ᠬᠤᠷᠠᠯ ᠡᠴᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ《ᠦᠬᠡᠷ ᠤᠨ ᠠᠵᠤ ᠦᠢᠯᠡᠰ ᠢ ᠬᠦᠭ᠍ᠵᠢᠭᠦᠯᠵᠦ᠂ ᠰᠠᠭᠤᠷᠢ ᠲᠦ᠋ᠬᠦᠭᠡᠷᠤᠮᠵᠢ ᠶᠢᠨ ᠤᠷᠤᠭᠤᠯᠤᠯᠳ᠋ᠠ ᠶᠢ ᠨᠡᠮᠡᠭ᠍ᠳ᠋ᠡᠭᠦᠯᠬᠦ ᠲᠤᠬᠠᠢ ᠰᠠᠨᠠᠭᠤᠯᠭ᠎ᠠ》  ᠶᠢ ᠰᠢ᠌ᠳᠪᠦᠷᠢᠯᠡᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ᠂ ᠬᠤᠰᠢᠭᠤᠨ ᠤ ᠠᠵᠤ ᠦᠢᠯᠡᠳᠪᠦᠷᠢ ᠰᠤᠷᠠᠭ ᠵᠠᠩᠭᠢᠴᠢᠯᠠᠯᠳ᠋ᠠ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ ᠶᠢᠨ《ᠴᠢᠮᠡᠭᠡ ᠨᠡᠪᠳ᠋ᠡᠷᠡᠯᠭᠡ ᠶᠢᠨ ᠲᠤᠬᠢᠶ᠎ᠠ ᠰᠠᠭᠠᠳ ᠲᠡᠶ ᠪᠠᠢ᠌ᠬᠤ ᠠᠰᠠᠭᠤᠳ᠋ᠠᠯ ᠢ ᠰᠢ᠌ᠳᠪᠦᠷᠢᠯᠡᠬᠦ ᠲᠤᠬᠠᠢ ᠰᠠᠨᠠᠭᠤᠯᠭ᠎ᠠ》 ᠶᠢ ᠰᠢ᠌ᠳᠪᠦᠷᠢᠯᠡᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ᠂ ᠬᠤᠰᠢᠭᠤᠨ ᠤ ᠤᠷᠤᠨ ᠰᠠᠭᠤᠴᠠ ᠪᠠ ᠬᠤᠳ᠋ᠠ ᠪᠠᠯᠭᠠᠰᠤ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠲᠤᠪᠴᠢᠶ᠎ᠠ ᠶᠢᠨ《ᠵᠢᠶ‍ᠦ᠋ᠨ ᠭᠧ ᠱᠤᠭᠤᠮ ᠤᠨ ᠬᠦᠭᠦᠷᠭᠡ ᠭᠠᠴᠠᠭᠠᠨ ᠤ ᠵᠡᠭᠦᠨ ᠲᠠᠯ᠎ᠠ ᠳᠤ ᠰᠢᠨ᠎ᠠ ᠪᠠᠷ ᠬᠦᠭᠦᠷᠭᠡ ᠪᠠᠢ᠌ᠭᠤᠯᠬᠤ ᠲᠤᠬᠠᠢ ᠰᠠᠨᠠᠭᠤᠯᠭ᠎ᠠ》 ᠶᠢ ᠰᠢ᠌ᠳᠪᠦᠷᠢᠯᠡᠭ᠍ᠰᠡᠨ ᠪᠠᠢ᠌ᠳ᠋ᠠᠯ ᠪᠠ《ᠤᠯᠠᠭᠠᠨᠬᠠᠳ᠋ᠠ ᠶᠢᠨ ᠶᠡᠬᠡ ᠬᠦᠭᠦᠷᠭᠡ ᠶᠢ ᠵᠠᠰᠠᠬᠤ ᠲᠤᠬᠠᠢ ᠰᠠᠨᠠᠭᠤᠯᠭ᠎ᠠ》 ᠶᠢ ᠰᠢ᠌ᠳᠪᠦᠷᠢᠯᠡᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ᠂ ᠬᠤᠰᠢᠭᠤᠨ ᠤ ᠬᠠᠦᠯᠢ ᠴᠠᠭᠠᠵᠠ ᠶᠢᠨ ᠲᠤᠪᠴᠢᠶ᠎ᠠ ᠶᠢᠨ《ᠰᠤᠮᠤ ᠪᠠᠯᠭᠠᠰᠤᠨ ᠤ ᠪᠠᠢ᠌ᠭᠤᠯᠤᠮᠵᠢ ᠶᠢᠨ ᠦᠭᠡᠷᠡᠴᠢᠯᠡᠯᠳ᠋ᠡ ᠶᠢᠨ ᠲᠠᠷᠠᠭᠠᠬᠢ ᠬᠠᠮᠢᠶ᠎ᠠ ᠪᠦᠬᠦᠢ ᠬᠢᠨᠠᠨ ᠵᠦ᠋ᠪᠰᠢᠶᠡᠷᠡᠬᠦ ᠡᠷᠬᠡ ᠶᠢᠨ ᠬᠡᠪᠴᠢᠶ᠎ᠠ ᠶᠢ ᠵᠤᠯᠭᠠᠭᠤᠯᠬᠤ ᠶᠢ ᠠᠬᠢᠭᠤᠯᠬᠤ ᠲᠤᠬᠠᠢ ᠰᠠᠨᠠᠭᠤᠯᠭ᠎ᠠ》 ᠶᠢ ᠭᠦᠢᠴᠡᠳᠭᠡᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ《ᠰᠢᠶᠠᠩ ᠪᠠᠯᠭᠠᠰᠤᠨ ᠤ ᠺᠠᠳ᠋ᠷ ᠠᠵᠢᠯᠳ᠋ᠡᠨ ᠤ ᠲᠠᠪᠤᠨ ᠵᠦ᠋ᠢᠯ ᠤᠨ ᠲᠠᠭᠠᠳᠬᠠᠯ ᠪᠠ ᠤᠷᠤᠨ ᠰᠠᠭᠤᠴᠠ ᠶᠢᠨ ᠨᠡᠢ᠌ᠳ᠋ᠡ ᠶᠢᠨ ᠬᠤᠷᠠᠮᠳ᠋ᠤᠭᠤᠯᠭ᠎ᠠ ᠶᠢᠨ ᠮᠦ᠋ᠩᠭᠦ ᠶᠢ ᠪᠠᠩᠭᠢ ᠡᠴᠡ ᠰᠢᠭᠤᠳ ᠤᠷᠤᠯᠠᠨ ᠬᠠᠰᠤᠬᠤ ᠲᠤᠬᠠᠢ ᠰᠠᠨᠠᠭᠤᠯᠭ᠎ᠠ》 ᠶᠢ ᠰᠢ᠌ᠳᠪᠦᠷᠢᠯᠡᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ᠃ 

        


       
        ᠬᠠᠷᠢᠭᠤ ᠮᠡᠳ᠋ᠡᠭᠦᠯᠦᠯᠳ᠋ᠡ ᠶᠢ ᠰᠤᠨᠤᠰᠤᠭᠰᠠᠨ ᠤ ᠲᠠᠷᠠᠭ᠎ᠠ᠂ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢᠳ ᠰᠠᠨᠠᠯ ᠶᠢᠡᠨ ᠢᠯᠡᠳᠭᠡᠵᠦ᠂ ᠦᠨᠡᠯᠡᠯᠳ᠋ᠡ ᠳᠤ ᠤᠷᠤᠯᠴᠠᠭᠰᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠭᠡᠰᠢᠭᠦᠳ ᠪᠤᠯᠤᠨ ᠠᠷᠠᠳ ᠤᠨ ᠲᠦ᠋ᠯᠦᠭᠡᠯᠡᠭ᠍ᠴᠢᠳ ᠨᠡᠷ᠎ᠠ ᠲᠡᠮᠳ᠋ᠡᠭᠯᠡᠬᠦ ᠦᠭᠡᠶ ᠪᠠᠷ ᠪᠢᠯᠸᠲ ᠦᠭ‍ᠬᠦ ᠠᠷᠭ᠎ᠠ ᠪᠠᠷ ᠭᠤᠤᠯᠳ᠋ᠠᠯᠭ᠎ᠠ ᠲᠡᠶ ᠰᠠᠨᠠᠭᠤᠯᠭ᠎ᠠ ᠶᠢ ᠭᠦᠢᠴᠡᠳᠭᠡᠭ᠍ᠰᠡᠨ ᠪᠠᠢ᠌ᠳ᠋ᠠᠯ ᠳᠤ ᠬᠠᠨᠤᠮᠵᠢ ᠶᠢᠨ ᠬᠡᠮᠵᠢᠶ᠎ᠠ ᠶᠢᠨ ᠦᠨᠡᠯᠡᠯᠳ᠋ᠡ ᠬᠢᠭ᠍ᠰᠡᠨ ᠪᠦᠭᠡᠳ ᠬᠠᠨᠤᠮᠵᠢ ᠶᠢᠨ ᠬᠡᠮᠵᠢᠶ᠎ᠠ ᠶᠢᠨ ᠦᠨᠡᠯᠡᠯᠳ᠋ᠡ ᠶᠢᠨ ᠦᠷ᠎ᠠ ᠳ᠋ᠦ᠋ᠩ ᠢ ᠲᠤᠬᠠᠢ ᠶᠢᠨ ᠲᠠᠯᠠᠪᠤᠷ ᠲᠤᠨᠢ ᠨᠡᠢ᠌ᠳ᠋ᠡᠯᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠮᠢᠳ᠋ᠤᠷᠠᠯ ᠤᠨ ᠬᠤᠭ ᠨᠤᠪᠰᠢ ᠶᠢ ᠰᠢ᠌ᠳᠪᠦᠷᠢᠯᠡᠭ᠍ᠰᠡᠨ ᠪᠠᠢ᠌ᠳ᠋ᠠᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
ᠳᠠᠷᠠᠭᠠᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠭᠰᠠᠨ ᠠᠵᠢᠯ ᠳᠤ ᠲᠤᠰᠬᠠᠢ ᠰᠡᠳ᠋ᠦᠪᠳ᠋ᠤ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ