ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠭᠰᠠᠨ ᠠᠵᠢᠯ ᠳᠤ ᠲᠤᠰᠬᠠᠢ ᠰᠡᠳ᠋ᠦᠪᠳ᠋ᠤ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ

9 ᠰᠠᠷ᠎ᠠ ᠶᠢᠨ 28 ᠤ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠤᠰᠢᠭᠤᠨ ᠳᠤ ᠭᠦᠨᠵᠡᠭᠡᠢ᠌ᠷᠡᠨ 2022 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠭᠰᠠᠨ ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ᠃ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠡᠷᠬᠢᠯᠡᠭ᠍ᠴᠢ ᠸᠠᠩ ᠶᠢᠩ ᠯᠢᠨ᠂ ᠲᠡᠳ᠋ ᠡᠷᠬᠢᠯᠡᠭ᠍ᠴᠢ ᠯᠢᠶᠠᠩ ᠰᠢᠦ ᠵᠢᠦᠸᠠᠨ ᠪᠠᠢ᠌ᠴᠠᠭᠠᠨ ᠰᠤᠳ᠋ᠤᠯᠤᠯᠳ᠋ᠠ ᠳᠤ ᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠭᠦᠳ ᠪᠠᠷ᠎ᠠ ᠪᠤᠯᠪᠠ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠮᠠᠨ ᠤ ᠬᠤᠰᠢᠭᠤᠨ ᠤ ᠪᠠᠶᠠᠷᠳ᠋ᠤᠬᠤᠰᠢᠭᠤ ᠪᠠᠯᠭᠠᠰᠤ ᠵᠢᠨ ᠲᠦ᠋ᠷᠪᠡᠯᠵᠢ ᠭᠠᠴᠠᠭᠠᠨ ᠤ ᠬᠤᠭ ᠨᠤᠪᠰᠢ ᠶᠢᠨ ᠲᠠᠯᠠᠪᠠᠢ ᠶᠢᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ᠂ ᠬᠤᠶᠠᠷᠬᠠᠳ᠋ᠠ ᠭᠠᠴᠠᠭ᠎ᠠ ᠶᠢᠨ ᠮᠢᠬᠠᠨ ᠦᠬᠡᠷ ᠤᠨ ᠬᠡᠪᠴᠢᠶᠡᠳ᠋ᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠪᠤᠯᠤᠨ ᠯᠦ᠋ᠪᠸᠢ ᠪᠠᠯᠭᠠᠰᠤᠨ ᠤ ᠪᠤᠯᠤᠩ ᠭᠠᠴᠠᠭ᠎ᠠ ᠶᠢᠨ ᠵᠠᠷᠤᠳ ᠬᠤᠰᠢᠭᠤᠨ ᠤ ᠠᠮᠢᠳ᠋ᠠᠨ ᠤ ᠡᠮᠨᠡᠯᠭᠡ ᠶᠢᠨ ᠬᠤᠷᠢᠶ᠎ᠠ ᠶᠢᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ᠂ ᠭᠠᠢ᠌ᠯᠢ ᠶᠢᠨ ᠶᠠᠪᠤᠳ᠋ᠠᠯ ᠤᠨ ᠲᠤᠪᠴᠢᠶ᠎ᠠ ᠶᠢᠨ ᠭᠡᠷ ᠪᠦᠯᠢ ᠶᠢᠨ ᠠᠰᠠᠷ ᠤᠨ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠵᠠᠰᠠᠬᠤ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠵᠡᠷᠭᠡ ᠬᠡᠰᠡᠭ᠌ ᠰᠤᠮᠤ ᠪᠠᠯᠭᠠᠰᠤᠨ ᠤ ᠱᠠᠳ᠋ᠤ ᠪᠠ ᠬᠤᠰᠢᠭᠤᠨ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠬᠰᠠᠨ ᠲᠦ᠋ᠷᠦᠯ ᠵᠦ᠋ᠢᠯ ᠤᠨ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠵᠦ ᠠᠬᠢᠴᠠ ᠶᠢᠨ ᠪᠠᠢ᠌ᠳ᠋ᠠᠯ ᠢ ᠰᠤᠨᠤᠰᠬᠤ ᠶᠢᠨ ᠬᠠᠮᠳ᠋ᠤ ᠵᠠᠷᠤᠳ ᠬᠤᠰᠢᠭᠤᠨ ᠤ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠭᠢᠮ ᠤᠨ 〈ᠰᠢᠶᠠᠨ ᠰᠢᠶᠠᠩ ᠬᠤᠶᠠᠷ ᠱᠠᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠦ ᠪᠠᠳ᠋ᠤᠯᠠᠬᠤ ᠶᠢ ᠪᠦᠬᠦ ᠲᠠᠯ᠎ᠠ ᠪᠠᠷ ᠭᠡᠷᠡᠭ᠍ᠵᠢᠭᠦᠯᠬᠦ ᠠᠵᠢᠯ ᠤᠨ ᠵᠢᠯᠤᠭᠤᠳᠬᠤ ᠰᠠᠨᠠᠯ〉 ᠢ ᠲᠠᠷᠤᠮᠠᠯᠯᠠᠨ ᠲᠠᠷᠬᠠᠭᠠᠬᠤ ᠲᠤᠬᠠᠢ ᠮᠡᠳ᠋ᠡᠭ᠍ᠳ᠋ᠡᠯ》 ᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠭᠦᠨᠵᠡᠭᠡᠢ ᠤᠢ᠌ᠯᠠᠭᠠᠪᠠ᠃
ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠪᠤᠯ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠲᠡᠭᠡᠷ᠎ᠠ ᠬᠤᠷᠠᠯ ᠳᠤ ᠤᠷᠤᠯᠴᠠᠭᠰᠠᠨ ᠪᠦᠬᠦ ᠲᠦ᠋ᠯᠦᠭᠡᠯᠡᠭ᠍ᠴᠢᠳ ᠡᠴᠡ ᠪᠢᠯᠸᠲ ᠦᠭ᠍ᠴᠦ ᠪᠠᠳ᠋ᠤᠯᠠᠭᠰᠠᠨ᠂ ᠨᠡᠢ᠌ᠭᠡᠮ ᠤᠨ ᠠᠩᠬᠠᠷᠤᠯ ᠤᠨ ᠬᠡᠮᠵᠢᠶ᠎ᠠ ᠪᠠᠷ ᠦᠨᠳ᠋ᠦᠷ᠂ ᠠᠷᠠᠳ ᠤᠯᠠᠨ ᠤ ᠲᠤᠯᠭᠠᠮ᠎ᠠ ᠬᠦᠰᠡᠵᠦ ᠪᠠᠢ᠌ᠭ᠎ᠠ ᠠᠷᠠᠳ ᠤᠨ ᠰᠡᠳᠭᠢᠯ ᠤᠨ ᠢᠨᠵᠸᠨᠸᠷᠢᠩ ᠪᠠᠢ᠌ᠵᠤ᠂ ᠪᠦᠬᠦ ᠬᠤᠰᠢᠭᠤᠨ ᠤ ᠦᠷᠭᠡᠨ ᠤᠯᠠᠨ ᠠᠷᠠᠳ ᠲᠦ᠋ᠮᠡᠨ ᠤ ᠬᠤᠪᠢ ᠪᠡᠶ᠎ᠠ ᠶᠢᠨ ᠠᠰᠢᠭ ᠲᠤᠰᠠ ᠲᠡᠶ ᠬᠤᠯᠪᠤᠭᠳ᠋ᠠᠵᠤ ᠪᠤᠢ᠂ ᠵᠠᠷᠤᠳ ᠬᠤᠰᠢᠭᠤ ᠲᠡᠭᠡᠳ᠋ᠦ ᠬᠡᠮᠵᠢᠶ᠎ᠠ ᠪᠠᠷ ᠴᠢᠬᠤᠯᠠᠴᠢᠯᠡᠨ ᠦᠵᠡᠵᠦ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠤᠳ᠋ᠠᠳ᠋ᠠᠢ᠌ᠵᠢᠭᠤᠯᠤᠨ᠂ ᠬᠦᠮᠦᠨ ᠤ ᠬᠦᠴᠦᠨ᠂ ᠪᠤᠳ᠋ᠠᠰ ᠤᠨ ᠬᠦᠴᠦᠨ ᠪᠤᠯᠤᠨ ᠡᠳ᠋ ᠤᠨ ᠬᠦᠴᠦᠨ ᠵᠡᠷᠭᠡ ᠪᠦᠳ᠋ᠦᠮᠵᠢᠳ᠋ᠠᠢ ᠡᠬᠢ ᠪᠠᠶᠠᠯᠢᠭ ᠢ ᠢᠳ᠋ᠡᠪᠬᠢᠳ᠋ᠠᠢ ᠵᠤᠬᠢᠴᠠᠭᠤᠯᠵᠤ᠂ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢ ᠪᠦᠬᠦ ᠬᠦᠴᠦᠨ ᠶᠢᠡᠷ ᠲᠦ᠋ᠷᠭᠡᠳᠭᠡᠨ ᠠᠬᠢᠭᠤᠯᠵᠤ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠢ ᠪᠢᠯᠸᠲ ᠦᠭ᠍ᠴᠦ ᠪᠠᠳ᠋ᠤᠯᠠᠭᠰᠠᠨ ᠲᠦ᠋ᠷᠦᠯ ᠵᠦ᠋ᠢᠯ ᠢ ᠲᠤᠭᠳ᠋ᠠᠭᠰᠠᠨ ᠴᠠᠭ ᠲᠤᠨᠢ ᠴᠢᠨᠠᠷ ᠴᠢᠨᠰᠠᠭ᠎ᠠ ᠲᠡᠶ ᠪᠡᠶᠡᠯᠡᠭᠦᠯᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠵᠢᠭᠠᠵᠤ ᠭᠠᠷᠭᠠᠪᠠ᠂ (ᠨᠠᠢ᠌ᠷᠠᠭᠤᠯᠤᠭᠴᠢ᠄ ᠯᠸᠢ ᠫᠠᠩ)