ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠵᠦ᠋ᠪᠯᠡᠯ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠡᠬᠡ ᠬᠤᠷᠠᠯ ᠬᠤᠷᠠᠯᠳ᠋ᠤᠭᠤᠯᠪᠠ

9 ᠰᠠᠷ᠎ᠠ ᠶᠢᠨ 28 ᠤ ᠡᠳ᠋ᠦᠷ᠂ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠷᠢᠮ》 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠦᠨᠳ᠋ᠦᠰᠦᠨ ᠱᠠᠳ᠋ᠤᠨ ᠤ ᠵᠤᠬᠢᠶᠠᠨ ᠪᠠᠢ᠌ᠭᠤᠯᠤᠯᠳ᠋ᠠ ᠶᠢᠨ ᠰᠤᠩᠭ᠋ᠤᠭᠤᠯᠢ ᠶᠢᠨ ᠠᠵᠢᠯ ᠤᠨ ᠲᠦ᠋ᠷᠢᠮ》 ᠤᠨ ᠬᠠᠮᠢᠶ᠎ᠠ ᠪᠦᠬᠦᠢ ᠲᠤᠭᠳ᠋ᠠᠭᠠᠯ ᠶᠤᠰᠤᠭᠠᠷ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠵᠦ᠋ᠪᠯᠡᠯ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠡᠬᠡ ᠬᠤᠷᠠᠯ ᠬᠤᠷᠠᠯᠳ᠋ᠤᠭᠤᠯᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃ ᠬᠤᠷᠠᠯ ᠳᠤ ᠤᠷᠤᠯᠴᠠᠭᠰᠠᠨ ᠬᠦᠮᠦᠨ ᠤ ᠲᠤᠭ᠎ᠠ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃
ᠬᠤᠷᠠᠯ ᠲᠡᠭᠡᠷ᠎ᠠ᠂ ᠯᠢ ᠴᠸᠩ ᠭᠦᠸᠸ ᠲᠡᠭᠡᠷ᠎ᠠ ᠬᠤᠭᠤᠴᠠᠭᠠᠨ ᠤ ᠨᠠᠮ ᠤᠨ ᠡᠭᠦᠷ ᠤᠨ ᠵᠦ᠋ᠪᠯᠡᠯ ᠢ ᠲᠦ᠋ᠯᠦᠭᠡᠯᠡᠨ ᠠᠵᠢᠯ ᠤᠨ ᠬᠠᠷᠢᠭᠤ ᠮᠡᠳ᠋ᠡᠭᠦᠯᠦᠯᠳ᠋ᠡ ᠬᠢᠵᠦ᠂ ᠭᠤᠷᠪᠠᠨ ᠵᠢᠯ ᠤᠨ ᠲᠤᠷᠰᠢᠬᠢ ᠨᠠᠮ ᠤᠨ ᠡᠭᠦᠷ ᠤᠨ ᠭᠤᠤᠯ ᠠᠵᠢᠯ ᠂ ᠤᠯᠤᠭᠰᠠᠨ ᠠᠮᠵᠢᠯᠳ᠋ᠡ ᠪᠠ ᠤᠷᠤᠰᠢᠵᠤ ᠪᠠᠢ᠌ᠬᠤ ᠲᠤᠳ᠋ᠠᠭᠳ᠋ᠠᠯ ᠲᠡᠶ ᠲᠠᠯ᠎ᠠ ᠪᠠᠨ ᠳ᠋ᠦ᠋ᠩᠨᠡᠨ ᠡᠷᠭᠢᠴᠡᠭᠦᠯᠬᠦ ᠶᠢᠨ ᠬᠠᠮᠳ᠋ᠤ ᠨᠠᠮ ᠤᠨ ᠡᠭᠦᠷ ᠤᠨ ᠲᠠᠷᠠᠭᠠᠴᠢ ᠶᠢᠨ ᠠᠯᠬᠤᠮ ᠤᠨ ᠠᠵᠢᠯ ᠳᠤ ᠰᠠᠨᠠᠯ ᠪᠠ ᠬᠦᠰᠡᠯ ᠨᠠᠢ᠌ᠳ᠋ᠠᠯᠭ᠎ᠠ ᠲᠤᠷᠠᠳᠪᠠ᠃
ᠬᠤᠷᠠᠯ ᠲᠡᠭᠡᠷ᠎ᠠ 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ 〈ᠨᠢ᠋ᠮᠠᠨ ᠲᠦ᠋ᠷᠦᠯ ᠤᠨ ᠬᠦᠮᠦᠰ〉 ᠤᠨ ᠨᠡᠷᠡᠰ》 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠤ ᠶᠡᠬᠡ ᠬᠤᠷᠠᠯ ᠤᠨ ᠰᠤᠩᠭ᠋ᠤᠭᠤᠯᠢ ᠶᠢᠨ ᠠᠷᠭ᠎ᠠ (ᠲᠦ᠋ᠰᠦᠯ)》 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠵᠦ᠋ᠪᠯᠡᠯ ᠤᠨ ᠰᠤᠩᠭ᠋ᠤᠭᠤᠯᠢ ᠶᠢᠨ ᠠᠷᠭ᠎ᠠ (ᠲᠦ᠋ᠰᠦᠯ)》 ᠪᠠ ᠪᠢᠯᠸᠲ ᠬᠢᠨᠠᠭᠴᠢ᠂ ᠪᠢᠯᠸᠲ ᠪᠦᠷᠢᠳᠭᠡᠭ᠍ᠴᠢ ᠶᠢᠨ ᠨᠡᠷᠡᠰ ᠢ ᠬᠢᠨᠠᠨ ᠵᠦ᠋ᠪᠯᠡᠵᠦ ᠪᠠᠳ᠋ᠤᠯᠠᠭᠰᠠᠨ ᠪᠦᠭᠡᠳ ᠰᠢᠨ᠎ᠠ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠵᠢᠱᠢᠭ᠍ᠳ᠋ᠡᠭ᠍ᠰᠡᠳ ᠤᠨ ᠨᠡᠷᠡᠰ ᠢ ᠵᠠᠷᠯᠠᠨ ᠤᠩᠰᠢᠪᠠ᠃ ᠬᠤᠷᠠᠯ ᠡᠴᠡ ᠵᠦ᠋ᠷᠢᠶᠡᠳ᠋ᠦ ᠲᠤᠭᠠᠨ ᠤ ᠰᠤᠩᠭ᠋ᠤᠭᠤᠯᠢ ᠪᠠ ᠨᠡᠷ᠎ᠠ ᠲᠡᠮᠳ᠋ᠡᠭᠯᠡᠬᠦ ᠦᠭᠡᠶ ᠪᠠᠷ ᠪᠢᠯᠸᠲ ᠦᠭᠬᠦ ᠠᠷᠭ᠎ᠠ ᠪᠠᠷ ᠰᠢᠨ᠎ᠠ ᠨᠢᠭᠡ ᠬᠤᠭᠤᠴᠠᠭᠠᠨ ᠤ ᠨᠠᠮ ᠤᠨ ᠡᠭᠦᠷ ᠤᠨ ᠵᠦ᠋ᠪᠯᠡᠯ ᠢ ᠰᠤᠩᠭ᠋ᠤᠨ ᠭᠠᠷᠭᠠᠪᠠ᠃
ᠲᠠᠷᠠᠭ᠎ᠠ ᠨᠢ᠂ ᠰᠢᠨ᠎ᠠ ᠨᠢᠭᠡ ᠬᠤᠭᠤᠴᠠᠭᠠᠨ ᠤ ᠨᠠᠮ ᠤᠨ ᠡᠭᠦᠷ ᠤᠨ ᠨᠢᠭᠡᠳ᠋ᠦᠭᠡᠷ ᠤᠳ᠋ᠠᠭᠠᠨ ᠤ ᠪᠦᠭᠦᠳ᠋ᠡ ᠬᠤᠷᠠᠯ ᠬᠤᠷᠠᠯᠳ᠋ᠤᠭᠤᠯᠤᠨ᠂ ᠬᠤᠷᠠᠯ ᠲᠡᠭᠡᠷ᠎ᠠ ᠨᠡᠷ᠎ᠠ ᠲᠡᠮᠳ᠋ᠡᠭᠯᠡᠬᠦ ᠦᠭᠡᠶ ᠪᠠᠷ ᠪᠢᠯᠸᠲ ᠦᠭᠬᠦ ᠬᠡᠯᠪᠡᠷᠢ ᠪᠠᠷ ᠯᠢ ᠴᠸᠩ ᠭᠦᠸᠸ ᠨᠦ᠋ᠬᠦᠷ ᠢ ᠨᠠᠮ ᠤᠨ ᠡᠭᠦᠷ ᠤᠨ ᠱᠦ᠋ᠵᠢ᠂ ᠯᠢᠶᠠᠩ ᠭᠦᠸᠸ ᠺᠠᠢ ᠨᠦ᠋ᠬᠦᠷ ᠢ ᠨᠠᠮ ᠤᠨ ᠡᠭᠦᠷ ᠤᠨ ᠲᠡᠳ᠋ ᠱᠦ᠋ᠵᠢ ᠪᠠᠷ ᠰᠤᠩᠭ᠋ᠤᠭᠰᠠᠨ ᠪᠦᠭᠡᠳ ᠨᠠᠮ ᠤᠨ ᠡᠭᠦᠷ ᠤᠨ ᠭᠡᠰᠢᠭᠦᠳ ᠲᠤ ᠠᠵᠢᠯ ᠬᠤᠪᠢᠶᠠᠷᠢᠯᠠᠪᠠ᠃
ᠰᠢᠨ᠎ᠠ ᠨᠢᠭᠡ ᠬᠤᠭᠤᠴᠠᠭᠠᠨ ᠤ ᠨᠠᠮ ᠤ ᠡᠭᠦᠷ ᠤᠨ ᠱᠦ᠋ᠵᠢ ᠯᠢ ᠴᠸᠩ ᠭᠦᠸᠸ ᠨᠠᠮ ᠤᠨ ᠡᠭᠦᠷ ᠢ ᠲᠦ᠋ᠯᠦᠭᠡᠯᠡᠨ ᠶᠠᠷᠢᠶ᠎ᠠ ᠬᠢᠪᠡ᠃ (ᠨᠠᠢ᠌ᠷᠠᠭᠤᠯᠤᠭᠴᠢ ᠯᠸᠢ ᠫᠠᠩ)