ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠭᠡᠮ ᠬᠦᠴᠢᠯ ᠤᠨ ᠪᠠᠢᠴᠠᠭᠠᠯᠳᠠ ᠶᠢᠨ ᠰᠤᠷᠢᠯᠳ᠋ᠠ ᠳᠤ ᠤᠷᠤᠯᠴᠡᠨ ᠬᠦᠴᠦᠨ ᠨᠡᠮᠡᠷᠢᠯᠡᠵᠦ ᠪᠠᠢ᠌ᠭ᠎ᠠ

10 ᠰᠠᠷ᠎ᠠ ᠶᠢᠨ 7 ᠤ ᠡᠳ᠋ᠦᠷ᠂ ᠵᠠᠷᠤᠳ ᠬᠤᠰᠢᠭᠤ ᠯᠦ᠋ᠪᠸᠢ ᠪᠠᠯᠭᠠᠰᠤᠨ ᠤ ᠭᠤᠤᠯ ᠬᠤᠳ᠋ᠠ ᠲᠤᠭᠤᠷᠢᠭ ᠤᠨ ᠪᠦᠭᠡᠮ ᠬᠦᠴᠢᠯ ᠤᠨ ᠪᠠᠢᠴᠠᠭᠠᠯᠳᠠ ᠶᠢᠨ ᠪᠤᠳ᠋ᠠᠳ᠋ᠤ ᠰᠤᠷᠢᠯᠳ᠋ᠠ ᠦᠷᠨᠢᠭᠦᠯᠪᠡ᠃ ᠰᠤᠷᠢᠯᠳ᠋ᠠ ᠦᠷᠨᠢᠭᠦᠯᠬᠦ ᠮᠡᠳ᠋ᠡᠭ᠍ᠳ᠋ᠡᠯ ᠢ ᠤᠯᠤᠭᠰᠠᠨ ᠤ ᠲᠠᠷᠠᠭ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠡᠭᠡᠳ᠋ᠦ ᠬᠡᠮᠵᠢᠶ᠎ᠠ ᠪᠠᠷ ᠴᠢᠬᠤᠯᠠᠴᠢᠯᠡᠨ ᠦᠵᠡᠵᠦ᠂ ᠲᠠᠷᠤᠢ ᠲᠦ᠋ᠷᠭᠡᠨ ᠲᠤᠬᠢᠷᠠᠭᠤᠯᠤᠨ ᠪᠠᠢ᠌ᠷᠢᠯᠠᠭᠤᠯᠵᠤ᠂ ᠰᠠᠢ᠌ᠨ ᠲᠤᠷᠠᠴᠤᠳ ᠢ ᠵᠤᠬᠢᠶᠠᠨ ᠪᠠᠢ᠌ᠭᠤᠯᠵᠤ ᠪᠠᠴᠢᠮ ᠪᠠᠢ᠌ᠳ᠋ᠠᠯ ᠢ ᠠᠷᠭᠠᠴᠠᠬᠤ ᠰᠤᠷᠢᠯᠳ᠋ᠠ ᠳᠤ ᠤᠷᠤᠯᠴᠠᠭᠤᠯᠤᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠭᠠᠵᠠᠷ ᠤᠨ ᠲᠡᠰ ᠤᠨ ᠤᠳ᠋ᠤᠷᠢᠳ᠋ᠤᠯᠭ᠎ᠠ ᠨᠡᠷ ᠡᠯ᠎ᠠ ᠨᠡᠢ᠌ᠭᠡᠮ ᠲᠤᠭᠤᠷᠢᠭ ᠤᠨ ᠪᠦᠭᠡᠮ ᠬᠦᠴᠢᠯ ᠤᠨ ᠦᠯᠢᠭᠡᠷ ᠠᠪᠬᠤ ᠴᠡᠭ᠌ ᠲᠤ ᠭᠦᠨᠵᠡᠭᠡᠢ᠌ᠷᠡᠨ ᠲᠤᠬᠠᠢ ᠶᠢᠨ ᠲᠠᠯᠠᠪᠤᠷ ᠲᠤᠨᠢ ᠬᠢᠨᠠᠨ ᠪᠠᠢ᠌ᠴᠠᠭᠠᠵᠤ ᠵᠢᠭᠠᠨ ᠵᠢᠯᠤᠭᠤᠳᠪᠠ᠃
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠢ᠌ᠨ ᠲᠤᠷᠠᠴᠤᠳ ᠤᠨ ᠦᠢᠯᠡᠴᠢᠯᠡᠭᠡᠨ ᠤ ᠠᠩᠭᠢ ᠤᠷᠢᠳᠴᠢᠯᠡᠨ ᠲᠤᠭᠳ᠋ᠠᠭᠠᠭᠰᠠᠨ ᠲᠦ᠋ᠰᠦᠯ ᠶᠤᠰᠤᠭᠠᠷ᠂ ᠲᠤᠰ ᠲᠤᠰ ᠪᠸᠦ ᠳ᠋ᠸᠦ ᠬᠤᠶᠠᠳ᠋ᠤᠭᠠᠷ᠂ ᠭᠤᠷᠪᠠᠳ᠋ᠤᠭᠠᠷ ᠲᠤᠭᠤᠷᠢᠭ᠂ ᠸᠸᠨ ᠰᠢᠨ ᠬᠤᠶᠠᠳ᠋ᠤᠭᠠᠷ ᠲᠤᠭᠤᠷᠢᠭ ᠵᠡᠷᠭᠡ ᠰᠠᠭᠤᠭᠠᠯᠢ ᠲᠤᠭᠤᠷᠢᠭ ᠲᠤ ᠬᠦᠷᠴᠦ᠂ ᠰᠠᠭᠤᠭᠠᠯᠢ ᠠᠷᠠᠳ ᠤᠨ ᠪᠡᠶ᠎ᠠ ᠶᠢᠨ ᠲᠤᠯᠠᠭᠠᠨ ᠢ ᠬᠡᠮᠵᠢᠬᠦ᠂ ᠮᠡᠳ᠋ᠡᠭᠡ ᠵᠠᠩᠭᠢ ᠲᠠᠩᠰᠠᠯᠠᠬᠤ᠂ ᠡᠮᠬᠢ ᠲᠢᠭ᠍ᠯᠢᠮ ᠢ ᠬᠠᠮᠠᠭᠠᠯᠠᠬᠤ ᠵᠡᠷᠭᠡ ᠰᠠᠢ᠌ᠨ ᠲᠤᠷ᠎ᠠ ᠶᠢᠨ ᠦᠢᠯᠡᠴᠢᠯᠡᠭᠡ ᠬᠠᠩᠭ᠋ᠠᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠤᠮᠳ᠋ᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠪᠡ᠃ (ᠨᠠᠢ᠌ᠷᠠᠭᠤᠯᠤᠭᠴᠢ᠄ ᠯᠸᠢ ᠫᠠᠩ)