ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠭᠤᠤᠯ ᠬᠤᠳ᠋ᠠ ᠶᠢᠨ ᠲᠤᠭᠤᠷᠢᠭ ᠤᠨ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠪᠤᠳ᠋ᠠᠳ᠋ᠤ ᠰᠤᠷᠢᠯᠳ᠋ᠠ ᠳᠤ ᠤᠷᠤᠯᠴᠡᠨ ᠬᠦᠴᠦᠨ ᠨᠡᠮᠡᠷᠢᠯᠡᠵᠦ ᠪᠠᠢ᠌ᠭ᠎ᠠ

10 ᠰᠠᠷ᠎ᠠ ᠶᠢᠨ 11 ᠤ ᠡᠳ᠋ᠦᠷ᠂ ᠵᠠᠷᠤᠳ ᠬᠤᠰᠢᠭᠤ ᠯᠦ᠋ᠪᠸᠢ ᠪᠠᠯᠭᠠᠰᠤ ᠶᠢᠨ ᠭᠤᠤᠯ ᠬᠤᠳ᠋ᠠ ᠶᠢᠨ ᠲᠤᠭᠤᠷᠢᠭ ᠲᠤ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠪᠤᠳ᠋ᠠᠳ᠋ᠤ ᠰᠤᠷᠢᠯᠳ᠋ᠠ ᠦᠷᠨᠢᠭᠦᠯᠵᠦ᠂ ᠪᠠᠴᠢᠮ ᠪᠠᠢ᠌ᠳ᠋ᠠᠯ ᠢ ᠠᠷᠭᠠᠴᠠᠨ ᠰᠢ᠌ᠳᠪᠦᠷᠢᠯᠡᠬᠦ ᠴᠢᠳ᠋ᠠᠪᠤᠷᠢ ᠶᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠠᠷᠠᠳ ᠲᠦ᠋ᠮᠡᠨ ᠤ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠪᠠ ᠠᠮᠢ ᠨᠠᠰᠤᠨ ᠤ ᠠᠮᠤᠷ ᠲᠦ᠋ᠪᠰᠢᠨ ᠢ ᠪᠦᠬᠦ ᠬᠦᠴᠦᠨ ᠶᠢᠡᠷ ᠪᠠᠳ᠋ᠤᠯᠠᠵᠤ ᠪᠠᠢ᠌ᠨ᠎ᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠲᠤᠰ ᠲᠤᠰ ᠲᠠᠭᠠᠭᠠᠴᠢᠯᠠᠭᠰᠠᠨ ᠨᠡᠢ᠌ᠭᠡᠮ ᠲᠤᠭᠤᠷᠢᠭ ᠤᠨ ᠪᠦᠬᠡᠮ ᠬᠦᠴᠢᠯ ᠤᠨ ᠪᠠᠢ᠌ᠴᠠᠭᠠᠯᠳ᠋ᠠ ᠶᠢᠨ ᠪᠤᠳ᠋ᠠᠳ᠋ᠤ ᠰᠤᠷᠢᠯᠳ᠋ᠡ ᠶᠢᠨ ᠦᠯᠢᠭᠡᠷ ᠠᠪᠬᠤ ᠴᠡᠭ᠌ ᠲᠤ ᠬᠦᠷᠴᠦ᠂ ᠲᠤᠬᠠᠢ ᠶᠢᠨ ᠲᠠᠯᠠᠪᠤᠷ ᠲᠤᠨᠢ ᠪᠤᠳ᠋ᠠᠳ᠋ᠤ ᠰᠤᠷᠢᠯᠳ᠋ᠡ ᠦᠷᠨᠢᠭᠦᠯᠵᠦ ᠪᠠᠢ᠌ᠭ᠎ᠠ ᠪᠠᠢ᠌ᠳ᠋ᠠᠯ ᠢ ᠬᠢᠨᠠᠨ ᠪᠠᠢ᠌ᠴᠠᠭᠠᠪᠠ᠃

ᠦᠷᠯᠦᠭᠡ ᠡᠷᠳ᠋ᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠢ᠌ᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠭᠤᠷᠪᠠᠨ ᠲᠤᠭᠤᠢ᠌ᠯᠠᠩ ᠤᠨ ᠠᠷᠪᠠᠨ ᠰᠠᠢ᠌ᠨ ᠲᠤᠷᠠᠴᠤᠳ ᠵᠢᠯᠤᠭᠤᠳᠬᠤ ᠭᠠᠵᠠᠷ ᠤᠨ ᠠᠵᠢᠯ ᠤᠨ ᠬᠤᠪᠢᠶᠠᠷᠢᠯᠠᠯᠳ᠋ᠠ ᠪᠠᠷ᠂ ᠲᠤᠰ ᠲᠤᠰ ᠪᠸᠦ ᠳ᠋ᠸᠦ ᠬᠤᠶᠠᠳ᠋ᠤᠭᠠᠷ᠂ ᠭᠤᠷᠪᠠᠳ᠋ᠤᠭᠠᠷ ᠲᠤᠭᠤᠷᠢᠭ᠂ ᠸᠸᠨ ᠰᠢᠨ ᠬᠤᠶᠠᠳ᠋ᠤᠭᠠᠷ ᠲᠤᠭᠤᠷᠢᠭ ᠵᠡᠷᠭᠡ ᠰᠠᠭᠤᠭᠠᠯᠢ ᠲᠤᠭᠤᠷᠢᠭ ᠲᠤ ᠬᠦᠷᠴᠦ᠂ ᠰᠠᠭᠤᠭᠠᠯᠢ ᠠᠷᠠᠳ ᠤᠨ ᠪᠡᠶ᠎ᠠ ᠶᠢᠨ ᠲᠤᠯᠠᠭᠠᠨ ᠢ ᠬᠡᠮᠵᠢᠬᠦ᠂ ᠮᠡᠳ᠋ᠡᠭᠡ ᠵᠠᠩᠭᠢ ᠲᠠᠩᠰᠠᠯᠠᠬᠤ᠂ ᠡᠮᠬᠢ ᠲᠢᠭ᠍ᠯᠢᠮ ᠢ ᠬᠠᠮᠠᠭᠠᠯᠠᠬᠤ ᠵᠡᠷᠭᠡ ᠰᠠᠢ᠌ᠨ ᠲᠤᠷ᠎ᠠ ᠶᠢᠨ ᠦᠢᠯᠡᠴᠢᠯᠡᠭᠡ ᠬᠠᠩᠭ᠋ᠠᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠤᠮᠳ᠋ᠠ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠠᠢ᠌ᠨ ᠰᠠᠢ᠌ᠬᠠᠨ ᠲᠦ᠋ᠷᠢ ᠲᠦ᠋ᠷᠬᠦ ᠶᠢ ᠢᠯᠡᠷᠡᠭᠦᠯᠪᠡ᠃ (ᠨᠠᠢ᠌ᠷᠠᠭᠤᠯᠤᠭᠴᠢ᠄ ᠯᠸᠢ ᠫᠠᠩ)