ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ  ᠤᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ

  10 ᠰᠠᠷ᠎ᠠ ᠶᠢᠨ 13 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠬᠤᠷᠠᠯ ᠳᠤ ᠰᠠᠭᠠᠳ᠋ᠠᠭᠰᠡᠨ ᠪᠦᠭᠡᠳ ᠬᠤᠷᠠᠯ ᠢ ᠡᠷᠬᠢᠯᠡᠪᠡ᠃ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠪᠠᠢ᠌ᠭ᠎ᠠ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠳ ᠬᠤᠷᠠᠯ ᠳᠤ ᠤᠷᠤᠯᠴᠠᠵᠤ᠂ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠷᠠᠯ ᠳᠤ ᠰᠤᠯᠠ ᠤᠷᠤᠯᠴᠠᠪᠠ᠃

         
         ᠬᠤᠷᠠᠯ ᠲᠡᠭᠡᠷ᠎ᠠ᠂ ᠡᠦ ᠴᠢᠩ ᠬᠠᠢ ᠡᠴᠡ ᠶᠡᠷᠦᠩᠬᠡᠢ ᠱᠦ᠋ᠵᠢ ᠰᠢ ᠵᠢᠨ ᠫᠢᠩ ᠤᠨ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠪᠠ ᠰᠦ᠋ᠯᠵᠢᠶᠡᠨ ᠤ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠦᠭᠦᠯᠡᠯᠳ᠋ᠡ ᠶᠢ ᠲᠠᠭᠠᠭᠤᠯᠤᠨ ᠰᠤᠷᠤᠯᠴᠠᠵᠤ᠂ ᠰᠤᠷᠤᠯᠴᠠᠭᠰᠠᠨ ᠲᠦ᠋ᠷᠦᠭ᠍ᠳ᠋ᠡᠯ ᠶᠢᠡᠨ ᠰᠤᠯᠢᠯᠴᠠᠨ᠂ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠬᠢᠬᠦ ᠲᠤᠬᠠᠢ ᠱᠠᠭᠠᠷᠳ᠋ᠠᠯᠭ᠎ᠠ ᠲᠤᠷᠠᠳᠪᠠ᠃
       ᠬᠤᠷᠠᠯ ᠡᠴᠡ᠂ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦ᠋ᠷᠢᠮ ᠢ ᠡᠷᠡᠰ ᠭᠤᠢ᠌ᠪᠠᠰᠢ ᠦᠭᠡᠶ ᠨᠠᠢ᠌ᠳ᠋ᠠᠪᠤᠷᠢᠵᠢᠭᠤᠯᠤᠨ᠂ ᠨᠠᠮ ᠤᠨ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠤᠳ᠋ᠤᠷᠢᠳ᠋ᠤᠯᠭ᠎ᠠ ᠶᠢ ᠴᠢᠩᠭ᠋ᠠᠳᠬᠠᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠨ᠂ ᠪᠠᠢ᠌ᠯᠳ᠋ᠤᠬᠤ ᠪᠤᠳ᠋ᠤᠯᠭ᠎ᠠ ᠶᠢᠨ ᠬᠦᠴᠦᠨ ᠶᠢᠡᠨ ᠴᠢᠩᠭ᠋ᠠᠳᠬᠠᠵᠤ᠂ ᠠᠵᠢᠯ ᠤᠨ ᠲᠤᠭᠳ᠋ᠠᠴᠠ ᠶᠢ ᠲᠠᠰᠤᠷᠠᠯᠳ᠋ᠠ ᠦᠭᠡᠶ ᠲᠡᠭᠦᠯᠳ᠋ᠡᠷᠵᠢᠭᠦᠯᠦᠨ᠂ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠤᠳ᠋ᠤᠷᠢᠳᠬᠤ ᠡᠷᠭᠡ ᠶᠢ ᠪᠠᠳ᠋ᠤ ᠡᠵᠡᠮᠰᠢᠬᠦ ᠬᠡᠷᠡᠭ᠍ᠳ᠋ᠠᠢ᠃ ᠤᠳ᠋ᠤᠬᠠᠨ ᠤ ᠰᠦ᠋ᠯᠵᠢᠶᠡᠨ ᠤ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠳᠤ ᠲᠤᠯᠭᠠᠷᠠᠵᠤ ᠪᠠᠢ᠌ᠭ᠎ᠠ ᠰᠢᠨ᠎ᠠ ᠪᠠᠢ᠌ᠳ᠋ᠠᠯ ᠰᠢᠨ᠎ᠠ ᠦᠷᠢᠰᠦᠯᠳ᠋ᠦᠭᠡᠨ ᠢ ᠤᠨᠤᠪᠴᠢᠳ᠋ᠠᠢ ᠡᠵᠡᠮᠳ᠋ᠡᠨ᠂ ᠰᠦ᠋ᠯᠵᠢᠶᠡᠨ ᠤ ᠠᠭᠤᠯᠭ᠎ᠠ ᠶᠢᠨ ᠪᠦᠳ᠋ᠦᠭᠡᠨ ᠪᠠᠢ᠌ᠭᠤᠯᠤᠯᠳ᠋ᠠ ᠪᠠ ᠬᠠᠮᠢᠶᠠᠷᠤᠯᠳ᠋ᠠ ᠶᠢᠨ ᠠᠵᠢᠯ ᠢ ᠯᠠᠪᠳ᠋ᠠᠭᠤᠨ ᠪᠠᠳ᠋ᠤᠳ᠋ᠠᠢ ᠰᠠᠢ᠌ᠳ᠋ᠤᠷ ᠬᠢᠵᠦ᠂ ᠰᠦ᠋ᠯᠵᠢᠶᠡᠨ ᠤ ᠤᠯᠤᠰ ᠲᠦ᠋ᠷᠦ ᠶᠢᠨ ᠠᠮᠤᠷ ᠲᠦ᠋ᠪᠰᠢᠨ ᠪᠠ ᠦᠵᠡᠯ ᠤᠬᠠᠮᠰᠡᠷ ᠤᠨ ᠬᠡᠯᠪᠡᠷᠢ ᠶᠢᠨ ᠠᠮᠤᠷ ᠲᠦ᠋ᠪᠰᠢᠨ ᠢ ᠦᠨᠡᠨᠬᠦ ᠬᠠᠮᠠᠭᠠᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ 

     ᠬᠤᠷᠠᠯ ᠲᠡᠭᠡᠷ᠎ᠠ ᠪᠠᠰᠠ ᠲᠤᠮᠤ ᠬᠡᠯᠪᠡᠷᠢ ᠶᠢᠨ ᠲᠸᠯᠸᠢᠰ ᠲᠤᠰᠬᠠᠢ ᠰᠡᠳ᠋ᠦᠪᠳ᠋ᠦ ᠹᠢᠯᠢᠮ 《ᠵᠠᠮᠴᠢᠯᠠᠭᠴᠢ》 ᠶᠢ ᠦᠵᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠵᠦ᠋ᠪᠯᠡᠯ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠡᠬᠡ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠪᠠ