ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ᠁
ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠪᠠᠢ᠌ᠴᠠᠭᠠᠨ ᠵᠢᠯᠤᠭᠤᠳᠪᠠ

 10 ᠰᠠᠷ᠎ᠠ ᠶᠢᠨ 14 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠠᠵᠠᠷ ᠤᠷᠤᠨ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠪᠤᠯᠤᠨ ᠠᠶᠤᠯᠭᠦᠢ ᠦᠢᠯᠡᠳᠪᠦᠷᠢᠯᠡᠯ ᠵᠡᠷᠭᠡ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠪᠠᠢ᠌ᠴᠠᠭᠠᠨ ᠵᠢᠯᠤᠭᠤᠳ᠋ᠤᠭᠰᠠᠨ ᠪᠦᠭᠡᠳ ᠬᠤᠰᠢᠭᠤᠨ ᠤ ᠮᠠᠯ ᠠᠵᠤ ᠠᠬᠤᠢ ᠶᠢᠨ ᠰᠢᠯᠢᠳ᠋ᠡᠭ᠌ ᠡᠭᠦᠯᠳ᠋ᠡᠷ   ᠦᠷᠡᠵᠢᠭᠦᠯᠦᠨ ᠪᠤᠢ᠌ᠵᠢᠭᠤᠯᠬᠤ ᠲᠦ᠋ᠪ ᠤᠨ ᠠᠷᠤ ᠬᠦᠨᠳ᠋ᠡᠯᠡᠨ ᠳ᠋ᠡᠬᠢ ᠬᠤᠪᠢᠶᠠᠷᠢ ᠲᠦ᠋ᠪ ᠲᠤ ᠭᠦᠨᠵᠡᠭᠡᠢ᠌ᠷᠡᠨ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠠᠵᠢᠯ ᠢ ᠪᠠᠢ᠌ᠴᠠᠭᠠᠨ ᠰᠤᠳ᠋ᠤᠯᠪᠠ᠃

        
         ᠡᠦ ᠴᠢᠩ ᠬᠠᠢ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠰᠠᠨᠠᠯ ᠶᠢᠡᠨ ᠰᠤᠯᠢᠯᠴᠠᠬᠤ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ᠂ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠪᠤᠯᠤᠨ ᠠᠶᠤᠯᠭᠦᠢ ᠦᠢᠯᠡᠳᠪᠦᠷᠢᠯᠡᠯ᠂ ᠪᠠᠴᠢᠮ ᠪᠠᠢ᠌ᠳ᠋ᠠᠯ ᠢ  ᠠᠷᠭᠠᠴᠠᠭᠠᠨ ᠰᠢ᠌ᠳᠪᠦᠷᠢᠯᠡᠬᠦ ᠵᠡᠷᠭᠡ ᠭᠤᠤᠯᠳ᠋ᠠᠯᠭ᠎ᠠ ᠲᠡᠶ ᠠᠵᠢᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃
        ᠡᠦ ᠴᠢᠩ ᠬᠠᠢ ᠡᠴᠡ᠂ ᠤᠳ᠋ᠤᠬᠠᠨ ᠤ ᠬᠢᠵᠢᠭ᠌ ᠤᠨ ᠪᠠᠢ᠌ᠳ᠋ᠠᠯ ᠢ ᠤᠮᠳ᠋ᠠᠭᠠᠢ᠌ᠯᠠᠵᠤ ᠪᠤᠯᠬᠤ ᠦᠭᠡᠶ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠷᠢᠭᠤᠴᠠᠯᠭ᠎ᠠ ᠶᠢ ᠡᠷᠡᠰ ᠰᠠᠢ᠌ᠳ᠋ᠤᠷ ᠨᠠᠢ᠌ᠳ᠋ᠠᠪᠤᠷᠢᠵᠢᠭᠤᠯᠤᠨ᠂ ᠲᠠᠢ᠌ᠪᠤᠰᠢᠷᠠᠬᠤ ᠪᠤᠳ᠋ᠤᠯ᠂ ᠬᠠᠯᠠᠰᠢᠷᠠᠬᠤ ᠰᠡᠳᠭᠢᠯᠭᠡ᠂ ᠭᠤᠷᠢᠳ᠋ᠠᠬᠤ ᠰᠡᠳᠭᠢᠯ᠂ ᠰᠤᠯᠠᠷᠠᠬᠤ ᠰᠡᠳᠭᠢᠯᠭᠡ ᠶᠢ ᠡᠷᠰ ᠲᠡᠪᠴᠢᠵᠤ᠂ ᠰᠠᠨᠠᠭᠠᠴᠢᠯᠠᠭ᠎ᠠ ᠡᠴᠡ ᠪᠠᠨ ᠰᠡᠷᠭᠡᠢ᠌ᠯᠡᠬᠦ ᠤᠬᠠᠮᠰᠡᠷ ᠢ ᠪᠠᠳ᠋ᠤ ᠪᠤᠢ ᠪᠤᠯᠭᠠᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠦ᠋ᠢᠯ ᠤᠨ ᠠᠵᠢᠯ ᠢ ᠴᠢᠩᠭ᠎ᠠ ᠨᠠᠷᠢᠯᠢᠭ ᠪᠤᠳ᠋ᠠᠳ᠋ᠠᠢ ᠠᠳᠬᠤᠬᠤ ᠬᠡᠷᠡᠭ᠍ᠳ᠋ᠠᠢ︔ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠵᠠᠬᠢᠳ᠋ᠠᠯ ᠰᠤᠷᠪᠤᠯᠵᠢᠯᠠᠭ᠎ᠠ ᠪᠠ ᠲᠤᠭᠳ᠋ᠠᠭᠤᠨ ᠢ ᠬᠠᠮᠠᠭᠠᠯᠠᠬᠤ ᠠᠵᠢᠯ ᠢ ᠰᠠᠢ᠌ᠳ᠋ᠤᠷ ᠬᠢᠵᠦ᠂ ᠠᠷᠠᠳ ᠤᠨ ᠰᠠᠨᠠᠭ᠎ᠠ ᠶᠢ ᠨᠡᠩ ᠤᠯᠠᠨ ᠰᠤᠨᠤᠰᠴᠦ᠂ ᠵᠦ᠋ᠷᠢᠴᠡᠯ ᠵᠢᠭᠤᠷᠠᠯᠳ᠋ᠤᠭᠠᠨ ᠢ ᠲᠤᠬᠢᠳ᠋ᠠᠢ ᠰᠢ᠌ᠳᠪᠦᠷᠢᠯᠡᠨ᠂ ᠤᠯᠠᠨ ᠲᠦ᠋ᠮᠡᠨ ᠤ ᠬᠦᠴᠢᠷ ᠵᠤᠪᠠᠭᠤᠷᠢ ᠶᠢ ᠰᠢ᠌ᠳᠪᠦᠷᠢᠯᠡᠨ᠂ ᠨᠡᠢ᠌ᠭᠡᠮ ᠤᠨ ᠶᠡᠬᠡ ᠲᠠᠯ᠎ᠠ ᠶᠢᠨ ᠡᠶ᠎ᠠ ᠵᠤᠬᠢᠴᠠᠩᠭ᠋ᠤᠢ ᠲᠤᠭᠳ᠋ᠠᠭᠤᠨ ᠢ ᠦᠨᠡᠨ ᠬᠥ ᠬᠠᠮᠠᠭᠠᠯᠠᠬᠤ ᠬᠡᠷᠡᠭ᠍ᠳ᠋ᠠᠢ︔ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦ᠋ᠷᠢᠮ ᠢ ᠴᠦ᠋ᠬᠦᠷᠡᠰᠢ ᠦᠭᠡᠶ ᠴᠢᠩᠭ᠎ᠠ ᠨᠠᠢ᠌ᠳ᠋ᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠠᠯᠳ᠋ᠠ ᠭᠡᠮ ᠢ ᠶᠡᠬᠡᠪᠡᠷ ᠪᠠᠢ᠌ᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠤᠨᠴᠠᠭᠠᠢ᠌ᠯᠠᠨ ᠭᠠᠯ ᠢ ᠰᠡᠷᠭᠡᠢ᠌ᠯᠡᠬᠦ ᠠᠮᠤᠷ ᠲᠦ᠋ᠪᠰᠢᠨ᠂ ᠵᠠᠮ ᠬᠠᠷᠢᠯᠴᠠᠭᠠᠨ ᠤ ᠠᠮᠤᠷ ᠲᠦ᠋ᠪᠰᠢᠨ ᠤ ᠪᠠᠴᠢᠮ ᠪᠠᠢ᠌ᠳ᠋ᠠᠯ ᠢ ᠠᠷᠭᠠᠴᠠᠭᠠᠬᠤ ᠲᠦ᠋ᠰᠦᠯ ᠢ ᠤᠯᠠᠮ ᠨᠢᠭᠡ ᠠᠯᠬᠤᠮ ᠲᠡᠭᠦᠯᠳ᠋ᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠢᠭ᠎ᠠ ᠱᠤᠭᠤᠮ ᠢ ᠰᠠᠢ᠌ᠳ᠋ᠤᠷ ᠰᠠᠬᠢᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠯᠦ᠋ᠪᠸᠢ ᠪᠠᠯᠭᠠᠰᠤᠨ ᠤ ᠭᠤᠤᠯ ᠬᠤᠳ᠋ᠠ ᠶᠢᠨ ᠲᠤᠭᠤᠷᠢᠭ ᠤᠨ ᠪᠦᠭᠡᠮ ᠬᠦᠴᠢᠯ ᠤᠨ ᠪᠠᠢ᠌ᠴᠠᠭᠠᠯᠳ᠋ᠠ ᠳᠤ ᠬᠦᠴᠦᠨ ᠨᠡᠮᠡᠷᠢᠯᠡᠵᠦ ᠪᠠᠢ᠌ᠭ᠎ᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠬᠦᠯᠢᠶᠡᠨ ᠠᠪᠴᠦ ᠦᠵᠡᠪᠡ