ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠠᠵᠢᠯᠳ᠋ᠡᠳ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠬᠦᠯᠢᠶᠡᠨ ᠠᠪᠴᠦ ᠦᠵᠡᠪᠡ

        
       ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ 10 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠡᠮᠦᠨ᠎ᠠ ᠠᠷᠠᠳ ᠤᠨ ᠶᠡᠬᠡ ᠬᠤᠷᠠᠯ ᠤᠨ ᠲᠠᠩᠭᠢᠮ ᠳᠤ ᠦᠪᠡᠳ᠋ᠡᠭ᠍ᠰᠢ ᠶᠡᠬᠡᠪᠡᠷ ᠡᠬᠢᠯᠡᠪᠡ᠃ ᠶᠡᠷᠦᠩᠬᠡᠢ ᠱᠦ᠋ᠵᠢ ᠰᠢ ᠵᠢᠨ ᠫᠢᠩ ᠠᠷᠪᠠ ᠶᠢᠰᠦᠳ᠋ᠦᠭᠡᠷ ᠬᠤᠭᠤᠴᠠᠭᠠᠨ ᠤ ᠲᠦ᠋ᠪ ᠬᠤᠷᠢᠶ᠎ᠠ ᠶᠢ ᠲᠦ᠋ᠯᠦᠭᠡᠯᠡᠨ ᠶᠡᠬᠡ ᠬᠤᠷᠠᠯ ᠳᠤ ᠢᠯᠡᠳᠭᠡᠯ ᠬᠢᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠪᠦᠬᠦ ᠺᠠᠳ᠋ᠷ ᠠᠵᠢᠯᠳ᠋ᠡᠳ ᠢ ᠵᠤᠬᠢᠶᠠᠨ ᠪᠠᠢ᠌ᠭᠤᠯᠵᠤ ᠡᠬᠢᠯᠡᠯᠳ᠋ᠡ ᠶᠢᠨ ᠲᠸᠯᠸᠢᠰ ᠰᠢᠭᠤᠳ ᠨᠡᠪᠳ᠋ᠡᠷᠡᠭᠦᠯᠭᠡ ᠶᠢ ᠬᠦᠯᠢᠶᠡᠨ ᠠᠪᠴᠦ ᠦᠵᠡᠪᠡ᠃

        

 

       
        ᠪᠦᠬᠦ ᠺᠠᠳ᠋ᠷ ᠠᠵᠢᠯᠳ᠋ᠡᠳ ᠬᠤᠷᠠᠯ ᠤᠨ ᠦᠪᠡᠳ᠋ᠡᠭ᠍ᠰᠢ ᠪᠠᠢ᠌ᠳ᠋ᠠᠯ ᠢ ᠬᠦᠯᠢᠶᠡᠨ ᠠᠪᠴᠦ ᠦᠵᠡᠭ᠍ᠰᠡᠨ ᠤ ᠲᠠᠷᠠᠭ᠎ᠠ᠂ ᠢᠯᠡᠳᠭᠡᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠢ᠌ᠯᠠᠭᠠᠵᠤ᠂ ᠡᠭᠦᠷᠢᠳ᠋ᠡ ᠦᠯᠤ ᠴᠠᠯᠠᠭᠠᠢᠷᠠᠬᠤ ᠤᠶᠤᠨ ᠰᠠᠨᠠᠭᠠᠨ ᠤ ᠲᠦ᠋ᠷᠰᠦ ᠪᠠᠢ᠌ᠳ᠋ᠠᠯ ᠪᠤᠯᠤᠨ ᠴᠤᠴᠠᠯᠳ᠋ᠠ ᠦᠭᠡᠶ ᠤᠷᠤᠭᠰᠢᠯᠠᠬᠤ ᠲᠡᠮᠡᠴᠡᠯ ᠤᠨ ᠤᠪᠤᠷ ᠪᠠᠢ᠌ᠳ᠋ᠠᠯ ᠶᠢᠡᠷ ᠬᠠᠨᠴᠤᠢ ᠰᠢᠮᠠᠯᠠᠨ ᠴᠢᠷᠮᠠᠢ᠌ᠨ ᠠᠵᠢᠯᠯᠠᠵᠤ᠂ ᠠᠵᠢᠯ ᠤᠨ ᠪᠠᠢ᠌ᠷᠢ ᠳᠠᠭᠠᠨ ᠰᠠᠭᠤᠷᠢᠯᠡᠨ ᠬᠤᠪᠢ ᠨᠡᠮᠡᠷᠢ ᠦᠵᠡᠭᠦᠯᠦᠨ᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢ᠌ᠯᠭ᠎ᠠ ᠭᠠᠷᠭᠠᠵᠤ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠠ ᠭᠡᠵᠦ ᠢᠯᠡᠳᠭᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠦᠵᠡᠪᠡ