ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠦᠵᠡᠪᠡ



10 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠡᠮᠦᠨ᠎ᠠ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠪᠡᠭᠡᠵᠢᠩ ᠳᠤ ᠦᠪᠡᠳ᠋ᠡᠭ᠍ᠰᠢ ᠶᠡᠬᠡᠪᠡᠷ ᠬᠤᠷᠠᠯᠳ᠋ᠤᠪᠠ᠃ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠶᠢ ᠦᠷᠭᠦᠯᠵᠢᠯᠡᠨ ᠰᠠᠢ᠌ᠳ᠋ᠤᠷ ᠬᠢᠭ᠍ᠰᠡᠨ ᠤᠷᠢᠳ᠋ᠠᠯ ᠲᠤᠤᠷ᠎ᠠ᠂ ᠲᠸᠯᠸᠢᠰ ᠰᠢᠭᠤᠳ ᠨᠡᠪᠳ᠋ᠡᠷᠡᠭᠦᠯᠭᠡ᠂ ᠰᠦ᠋ᠯᠵᠢᠶᠡᠨ ᠤ ᠲᠠᠪᠴᠠᠩ ᠵᠡᠷᠭᠡ ᠤᠯᠠᠨ ᠵᠦ᠋ᠢᠯ ᠤᠨ ᠵᠠᠭᠤᠴᠢᠯᠠᠭᠤᠷ ᠶᠢᠡᠷ ᠲᠠᠮᠵᠢᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠦᠵᠡᠪᠡ᠃



ᠠᠷᠠᠳ ᠤᠨ ᠲᠦ᠋ᠯᠦᠭᠡᠯᠡᠭ᠍ᠴᠢᠳ ᠡᠴᠡ᠂ ᠡᠷᠡᠮᠡᠭᠡᠢ᠌ᠯᠡᠨ ᠲᠠᠪᠰᠢᠭᠰᠠᠨ 10 ᠵᠢᠯ ᠳᠤ᠂ ᠠᠮᠵᠢᠯᠳ᠋ᠡ ᠪᠦᠳ᠋ᠦᠮᠵᠢ ᠨᠢᠭᠡᠪᠦᠷᠢ ᠴᠦ᠋ᠮ ᠬᠢᠯᠪᠠᠷ ᠪᠤᠰᠤ ᠪᠠᠷ ᠢᠷᠡᠭ᠍ᠰᠡᠨ ᠶᠤᠮ᠂ ᠴᠦ᠋ᠮ ᠨᠠᠮ ᠪᠤᠯᠤᠨ ᠠᠷᠠᠳ ᠲᠦ᠋ᠮᠡᠨ ᠭᠠᠷ ᠬᠤᠯᠪᠤᠨ ᠲᠡᠮᠡᠴᠡᠵᠦ ᠪᠠᠢ᠌ᠭᠠᠳ ᠤᠯᠤᠭᠰᠠᠨ ᠶᠤᠮ᠃ ᠠᠷᠠᠳ ᠤᠨ ᠲᠦ᠋ᠯᠦᠭᠡᠯᠡᠭ᠍ᠴᠢᠳ ᠪᠤᠯᠤᠭᠰᠠᠨ ᠤ ᠬᠤᠪᠢ ᠳᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠠᠭᠤᠤ ᠶᠡᠬᠡ ᠨᠠᠮ ᠪᠠᠢ᠌ᠭᠤᠯᠬᠤ ᠵᠤᠷᠢᠭ ᠰᠠᠨᠠᠭ᠎ᠠ ᠶᠢ ᠪᠠᠳ᠋ᠠᠷᠠᠭᠤᠯᠵᠤ᠂ 《ᠲᠦ᠋ᠷᠪᠡᠨ ᠤᠬᠠᠮᠰᠡᠷ》 ᠶᠢᠡᠨ ᠴᠢᠩᠭ᠋ᠠᠳᠬᠠᠨ᠂ 《ᠲᠦ᠋ᠷᠪᠡᠨ ᠢᠳ᠋ᠡᠭᠡᠯ》 ᠶᠢᠡᠨ ᠪᠠᠳ᠋ᠤᠳᠬᠠᠵᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠦᠨ᠂ ᠨᠠᠮ ᠤᠨ ᠤᠳ᠋ᠤᠷᠢᠳ᠋ᠤᠯᠭ᠎ᠠ᠂ ᠠᠷᠠᠳ ᠲᠦ᠋ᠮᠡᠨ ᠡᠷᠬᠡ ᠮᠡᠳ᠋ᠡᠵᠦ ᠡᠵᠡᠨ ᠰᠠᠭᠤᠬᠤ᠂ ᠬᠠᠦᠯᠢ ᠪᠠᠷ ᠤᠯᠤᠰ ᠶᠢᠡᠨ ᠵᠠᠰᠠᠬᠤ ᠶᠢ ᠤᠷᠭᠠᠨᠢᠭ ᠶᠢᠡᠷ ᠨᠢᠭᠡᠳᠭᠡᠬᠦ ᠶᠢ ᠪᠠᠷᠢᠮᠳ᠋ᠠᠯᠠᠵᠤ᠂ ᠰᠢᠨ᠎ᠠ ᠬᠦᠭ᠍ᠵᠢᠯᠳ᠋ᠡ ᠶᠢᠨ ᠱᠠᠳ᠋ᠤᠨ ᠳᠤ ᠰᠠᠭᠤᠷᠢᠯᠡᠨ᠂ ᠰᠢᠨ᠎ᠠ ᠬᠦᠭ᠍ᠵᠢᠯᠳ᠋ᠡ ᠶᠢᠨ ᠤᠢ᠌ᠯᠠᠭᠠᠭᠳ᠋ᠠᠬᠤᠨ ᠢ ᠲᠤᠭᠤᠰᠢᠯᠠᠭᠤᠯᠵᠤ᠂ ᠰᠢᠨ᠎ᠠ ᠬᠦᠭ᠍ᠵᠢᠯᠳ᠋ᠡ ᠶᠢᠨ ᠪᠠᠢ᠌ᠷᠢᠰᠢᠯ ᠳᠤ ᠠᠭᠤᠰᠤᠯᠴᠡᠨ᠂ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠡᠯ ᠢ ᠬᠦᠭ᠍ᠵᠢᠭᠦᠯᠦᠨ᠂ ᠦᠨᠳ᠋ᠦᠰᠦᠨ ᠬᠠᠦᠯᠢ ᠬᠠᠦᠯᠢ ᠴᠠᠭᠠᠵᠠ ᠡᠴᠡ ᠤᠯᠭᠤᠭᠰᠠᠨ ᠡᠯ᠎ᠠ ᠵᠦ᠋ᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠰᠢᠨ᠎ᠠ ᠵᠠᠷᠤᠳ ᠤᠨ ᠪᠦᠳ᠋ᠦᠭᠡᠨ ᠪᠠᠢ᠌ᠭᠤᠯᠤᠯᠳ᠋ᠠ ᠶᠢᠨ ᠰᠢᠨ᠎ᠠ ᠬᠠᠭᠤᠳ᠋ᠠᠰᠤ ᠶᠢ ᠴᠢᠷᠮᠠᠢ᠌ᠨ ᠪᠢᠴᠢᠭᠯᠡᠬᠦ ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠠ ᠭᠡᠵᠦ ᠢᠯᠡᠳᠭᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)