ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ 《ᠬᠤᠶᠠᠷ ᠢ ᠬᠦᠩᠭᠡᠷᠡᠭᠦᠯᠬᠦ》 ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
10 ᠰᠠᠷ᠎ᠠ ᠶᠢᠨ 10 ᠤ ᠡᠳ᠋ᠦᠷ ᠡᠴᠡ 17 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠬᠤᠰᠢᠭᠤᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠷ ᠪᠦᠷᠢᠯᠳ᠋ᠦᠭ᠍ᠰᠡᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ᠂ ᠪᠦᠬᠦ ᠬᠤᠰᠢᠭᠤᠨ ᠤ《ᠬᠤᠶᠠᠷ ᠢ ᠬᠦᠩᠭᠡᠷᠡᠭᠦᠯᠬᠦ》ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠵᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠨᠦ᠋ᠬᠦᠳ ᠪᠠᠷ᠎ᠠ ᠪᠤᠯᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠬᠤᠩᠬᠠᠳ᠋ᠤ ᠲᠤᠮᠳ᠋ᠠᠳ᠋ᠤ ᠰᠤᠷᠭᠠᠭᠤᠯᠢ᠂ ᠬᠤᠩᠬᠠᠳ᠋ᠤ ᠭᠤᠤᠯ ᠪᠠᠭ᠎ᠠ ᠰᠤᠷᠭᠠᠭᠤᠯᠢ᠂ ᠪᠠᠶᠠᠨᠳ᠋ᠠᠯ᠎ᠠ ᠰᠤᠷᠭᠠᠭᠤᠯᠢ᠂ ᠵᠠᠷᠤᠳ ᠲᠦ᠋ᠷᠪᠡᠳ᠋ᠦᠭᠡᠷ ᠲᠤᠮᠳ᠋ᠠᠳ᠋ᠤ ᠰᠤᠷᠭᠠᠭᠤᠯᠢ᠂ ᠯᠦ᠋ᠪᠸᠢ ᠭᠤᠷᠪᠠᠳ᠋ᠤᠭᠠᠷ ᠪᠠᠭ᠎ᠠ ᠰᠤᠷᠭᠠᠭᠤᠯᠢ᠂ ᠯᠦ᠋ᠪᠸᠢ ᠬᠤᠶᠠᠳ᠋ᠤᠭᠠᠷ ᠪᠠᠭ᠎ᠠ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠮᠠᠲ᠋ᠸᠷᠢᠶᠠᠯ ᠪᠠᠢ᠌ᠴᠠᠭᠠᠨ ᠦᠵᠡᠬᠦ ᠪᠠ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠬᠡᠯᠪᠡᠷᠢ ᠪᠠᠷ ᠲᠠᠮᠵᠢᠨ᠂ ᠰᠤᠷᠭᠠᠭᠤᠯᠢ ᠶᠢᠨ ᠵᠢᠭᠠᠨ ᠰᠤᠷᠭᠠᠯᠳ᠋ᠠ ᠶᠢᠨ ᠤᠷᠴᠢᠨ ᠲᠤᠭᠤᠷᠢᠨ᠂ ᠰᠤᠷᠭᠠᠭᠤᠯᠢ ᠶᠢᠨ ᠬᠦᠷᠢᠶᠡᠯᠡᠩ ᠤᠨ ᠰᠤᠶᠤᠯ ᠤᠨ ᠪᠠᠢ᠌ᠭᠤᠯᠤᠯᠳ᠋ᠠ᠂ ᠰᠤᠷᠤᠭᠴᠢ ᠶᠢᠨ ᠬᠢᠴᠢᠶᠡᠯ ᠤᠨ ᠲᠠᠷᠠᠭᠠᠬᠢ ᠦᠢᠯᠡᠴᠢᠯᠡᠭᠡ᠂ ᠰᠤᠷᠤᠭᠴᠢ ᠶᠢᠨ ᠲᠠᠰᠬᠠᠯ ᠤᠨ ᠬᠠᠮᠢᠶᠠᠷᠤᠯᠳ᠋ᠠ᠂ ᠵᠢᠭᠠᠨ ᠰᠤᠷᠭᠠᠯᠳ᠋ᠠ ᠶᠢᠨ ᠡᠩᠨᠡᠭᠡᠨ ᠤ ᠪᠠᠢ᠌ᠭᠤᠯᠤᠯᠳ᠋ᠠ᠂ ᠰᠤᠷᠭᠠᠭᠤᠯᠢ ᠶᠢᠨ ᠭᠠᠳ᠋ᠠᠨᠠᠬᠢ ᠪᠤᠯᠪᠠᠰᠤᠷᠠᠯ ᠤᠨ ᠪᠠᠢ᠌ᠭᠤᠯᠤᠮᠵᠢ ᠶᠢ ᠬᠢᠨᠠᠨ ᠪᠠᠢ᠌ᠴᠠᠭᠠᠵᠤ ᠬᠠᠮᠢᠶᠠᠷᠬᠤ ᠵᠡᠷᠭᠡ ᠲᠠᠯ᠎ᠠ ᠪᠠᠷ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳ᠋ᠤᠨ ᠤ《ᠬᠤᠶᠠᠷ ᠢ ᠬᠦᠩᠭᠡᠷᠡᠭᠦᠯᠬᠦ》ᠲᠦ᠋ᠷᠦ ᠶᠢᠨ ᠪᠤᠳ᠋ᠤᠯᠭ᠎ᠠ ᠶᠢ ᠠᠬᠢᠭᠤᠯᠤᠭᠰᠠᠨ ᠪᠠᠢ᠌ᠳ᠋ᠠᠯ᠂ ᠲᠦ᠋ᠷᠦ ᠶᠢᠨ ᠪᠤᠳ᠋ᠤᠯᠭ᠎ᠠ ᠶᠢ ᠨᠠᠢ᠌ᠳ᠋ᠠᠪᠤᠷᠢᠵᠢᠭᠤᠯᠬᠤ ᠲᠤᠮᠳ᠋ᠠᠬᠢ ᠠᠵᠢᠯ ᠤᠨ ᠠᠷᠭ᠎ᠠ ᠠᠪᠴᠠᠯ ᠵᠢᠴᠢ ᠭᠤᠤᠯ ᠦᠷ᠎ᠠ ᠪᠦᠳ᠋ᠦᠮᠵᠢ ᠶᠢ ᠪᠦᠬᠦ ᠲᠠᠯ᠎ᠠ ᠪᠠᠷ ᠤᠢ᠌ᠯᠠᠭᠠᠬᠤ ᠶᠢᠨ ᠬᠠᠮᠳ᠋ᠤ ᠤᠷᠤᠰᠢᠵᠤ ᠪᠠᠢ᠌ᠬᠤ ᠠᠰᠠᠭᠤᠳ᠋ᠠᠯ ᠪᠠ ᠲᠤᠳ᠋ᠠᠭᠳ᠋ᠠᠯ ᠲᠡᠶ ᠲᠠᠯ᠎ᠠ ᠳᠤ ᠰᠠᠨᠠᠯ ᠰᠠᠨᠠᠭᠤᠯᠭ᠎ᠠ ᠲᠤᠷᠠᠳᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦ᠋ᠴᠢᠷ ᠤᠨ ᠬᠢᠨ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠨᠠᠮ ᠤᠨ ᠰᠤᠷᠭᠠᠨ ᠬᠦᠮᠦᠵᠢᠯ ᠤᠨ ᠴᠢᠭᠯᠡᠯ ᠢ ᠨᠠᠢ᠌ᠳ᠋ᠠᠪᠤᠷᠢᠵᠢᠭᠤᠯᠤᠨ᠂ ᠲᠦ᠋ᠷᠦ ᠶᠢᠨ ᠪᠤᠳ᠋ᠤᠯᠭ᠎ᠠ ᠶᠢᠨ ᠤᠬᠠᠭᠤᠯᠭ᠎ᠠ ᠵᠢᠯᠤᠭᠤᠳ᠋ᠤᠯᠭ᠎ᠠ ᠶᠢ ᠴᠢᠩᠭ᠋ᠠᠳᠬᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳ᠋ᠤᠨ ᠤ《ᠬᠤᠶᠠᠷ ᠢ ᠬᠦᠩᠭᠡᠷᠡᠭᠦᠯᠬᠦ》ᠠᠵᠢᠯ ᠤᠨ ᠴᠢᠬᠤᠯᠠ ᠴᠢᠨᠠᠷ ᠪᠠ ᠵᠠᠢ᠌ᠯᠠᠰᠢ ᠦᠭᠡᠶ ᠴᠢᠨᠠᠷ ᠢ ᠤᠯᠠᠮ ᠨᠢᠭᠡ ᠠᠯᠬᠤᠮ ᠲᠠᠨᠢᠨ᠂ ᠵᠦ᠋ᠪ ᠲᠠᠯ᠎ᠠ ᠶᠢᠨ ᠤᠬᠠᠭᠤᠯᠭ᠎ᠠ ᠶᠢᠨ ᠡᠷᠴᠢᠮ ᠶᠢᠡᠨ ᠴᠢᠩᠭ᠋ᠠᠳᠬᠠᠵᠤ᠂《ᠬᠤᠶᠠᠷ ᠢ ᠬᠦᠩᠭᠡᠷᠡᠭᠦᠯᠬᠦ》ᠠᠵᠢᠯ ᠤᠨ ᠮᠡᠳ᠋ᠡᠷᠡᠬᠦ ᠨᠤᠷᠮ᠎ᠠ ᠶᠢ ᠲᠡᠭᠡᠭ᠍ᠰᠢᠯᠡᠭᠦᠯᠤᠨ᠂ ᠭᠡᠷ ᠤᠨ ᠠᠬᠠᠮᠠᠳ᠂ ᠰᠤᠷᠭᠠᠭᠤᠯᠢ ᠵᠢᠴᠢ ᠨᠡᠢ᠌ᠭᠡᠮ ᠤᠨ ᠡᠯ᠎ᠠ ᠡᠳ᠋ᠡᠭᠡᠳ ᠤᠨ ᠤᠢ᠌ᠯᠠᠭᠠᠯᠳ᠋ᠠ ᠪᠠ ᠲᠡᠮᠵᠢᠯᠭᠡ ᠶᠢ ᠤᠯᠵᠤ᠂ ᠬᠠᠮᠳ᠋ᠤ ᠶᠢᠨ ᠲᠠᠨᠢᠯᠳ᠋ᠠ ᠪᠠᠨ ᠨᠢᠭᠳ᠋ᠠᠷᠠᠭᠤᠯᠤᠨ᠂《ᠬᠤᠶᠠᠷ ᠢ ᠬᠦᠩᠭᠡᠷᠡᠭᠦᠯᠬᠦ》ᠠᠵᠢᠯ ᠤᠨ ᠬᠠᠮᠳ᠋ᠤᠷᠠᠯ ᠤᠨ ᠬᠦᠴᠦᠨ ᠢ ᠪᠦᠷᠢᠯᠳ᠋ᠦᠭᠦᠯᠬᠦ ᠬᠡᠷᠡᠭ᠍ᠳ᠋ᠠᠢ ᠰᠤᠷᠭᠠᠭᠤᠯᠢ ᠶᠢᠨ ᠭᠠᠳ᠋ᠠᠨᠠᠬᠢ ᠪᠤᠯᠪᠠᠰᠤᠷᠠᠯ ᠤᠨ ᠪᠠᠢ᠌ᠭᠤᠯᠤᠮᠵᠢ ᠶᠢ ᠲᠦ᠋ᠷᠢᠮᠵᠢᠭᠦᠯᠦᠨ᠂ ᠴᠢᠩᠭ᠎ᠠ ᠵᠠᠰᠠᠬᠤ ᠶᠢ ᠪᠠᠷᠢᠮᠳ᠋ᠠᠯᠠᠵᠤ᠂ ᠬᠠᠦᠯᠢ ᠲᠤᠭᠳ᠋ᠠᠭᠠᠯ ᠡᠴᠡ ᠵᠦ᠋ᠷᠢᠴᠡᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠡᠷᠡᠰ ᠪᠠᠢ᠌ᠴᠠᠭᠠᠨ ᠰᠢ᠌ᠳᠪᠦᠷᠢᠯᠡᠵᠦ᠂ ᠲᠦ᠋ᠷᠢᠮᠵᠢᠯ ᠶᠢᠡᠷ ᠬᠦᠭ᠍ᠵᠢᠯᠳ᠋ᠡ᠂ ᠲᠡᠭᠡᠭ᠍ᠰᠢᠯᠡᠯᠳ᠋ᠡ ᠶᠢ ᠠᠬᠢᠭᠤᠯᠤᠨ᠂ ᠰᠤᠷᠤᠭᠴᠢᠳ ᠤᠨ ᠪᠦᠬᠦ ᠲᠠᠯ᠎ᠠ ᠪᠠᠷ ᠦᠰᠦᠨ ᠪᠤᠢ᠌ᠵᠢᠬᠤ ᠳᠤ ᠬᠦᠴᠦᠨ ᠨᠡᠮᠡᠷᠢᠯᠡᠬᠦ ᠬᠡᠷᠡᠭ᠍ᠳ᠋ᠠᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)