ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠦ᠋ᠷᠪᠡᠳ᠋ᠦᠭᠡᠷ ᠤᠳ᠋ᠠᠭᠠᠨ ᠤ ᠬᠤᠷᠠᠯ ᠬᠤᠷᠠᠯᠳ᠋ᠤᠪᠠ

10 ᠰᠠᠷ᠎ᠠ ᠶᠢᠨ 19 ᠤ ᠡᠳ᠋ᠦᠷ᠂ ᠵᠠᠷᠣᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠦ᠋ᠷᠪᠡᠳ᠋ᠦᠭᠡᠷ ᠤᠳ᠋ᠠᠭᠠᠨ ᠤ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠵᠢᠴᠢ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ ᠰᠦ᠋ᠸᠸ ᠮᠢᠩ ᠢᠦᠢ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠭᠦᠸᠸ ᠶᠠ ᠹᠸᠩ᠂ ᠬᠤᠰᠢᠭᠤᠨ ᠤ ᠠᠷᠠᠳ ᠤᠨ ᠰᠢᠬᠦᠭᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ᠂ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠬᠢᠨᠠᠨ ᠪᠠᠢ᠌ᠴᠠᠭᠠᠬᠤ ᠵᠦ᠋ᠪᠯᠡᠯ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠬᠦᠳ ᠪᠠ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠠᠯᠪᠠᠨ ᠭᠡᠷ᠂ ᠬᠤᠰᠢᠭᠤᠨ ᠤ ᠦᠭᠡᠷᠡᠴᠢᠯᠡᠯᠳ᠋ᠡ ᠪᠠ ᠬᠦᠭ᠍ᠵᠢᠭᠦᠯᠦᠯᠳ᠋ᠡ ᠶᠢᠨ ᠵᠦ᠋ᠪᠯᠡᠯ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳ᠋ᠤᠬᠤ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠠᠵᠤ ᠦᠢᠯᠡᠳᠪᠦᠷᠢ ᠮᠡᠳ᠋ᠡᠭᠡ ᠵᠠᠩᠭᠢᠴᠢᠯᠠᠯᠳ᠋ᠠ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠰᠢᠨᠵᠢᠯᠡᠭᠡ ᠤᠬᠠᠭᠠᠨ ᠲᠸᠭ᠍ᠨᠢᠭ᠌ ᠮᠡᠷᠭᠡᠵᠢᠯ ᠤᠨ ᠨᠡᠢ᠌ᠭᠡᠮᠯᠢᠭ᠌ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠳ ᠵᠢᠴᠢ ᠬᠤᠰᠢᠭᠤᠨ ᠱᠠᠳ᠋ᠤᠨ ᠤ 10 ᠨᠡᠷᠡᠰ ᠲᠦ᠋ᠯᠦᠭᠡᠯᠡᠭ᠍ᠴᠢ ᠬᠤᠷᠠᠯ ᠳᠤ ᠰᠤᠯᠠ ᠤᠷᠤᠯᠴᠠᠪᠠ᠃ ᠬᠤᠷᠠᠯ ᠢ ᠡᠦ ᠴᠢᠩ ᠬᠠᠢ ᠡᠷᠬᠢᠯᠡᠪᠡ᠃
ᠲᠤᠰ ᠤᠳ᠋ᠠᠭᠠᠨ ᠤ ᠬᠤᠷᠠᠯᠳ᠋ᠤᠭᠠᠨ ᠳᠤ ᠤᠷᠤᠯᠴᠠᠬᠤ ᠪᠠᠢ᠌ᠩᠭ᠋ᠤ ᠶᠢᠨ ᠬᠤᠷᠢᠶᠠᠨ ᠤ ᠭᠡᠰᠢᠭᠦᠨ 33 ᠬᠦᠮᠦᠨ᠂ ᠪᠤᠳ᠋ᠠᠳ᠋ᠠᠢ ᠤᠷᠤᠯᠴᠠᠭᠰᠠᠨ ᠨᠢ 32 ᠬᠦᠮᠦᠨ ᠪᠠᠢ᠌ᠵᠤ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠨᠠ᠃
ᠬᠤᠷᠠᠯ ᠡᠴᠡ ᠬᠠᠮᠢᠶ᠎ᠠ ᠪᠦᠬᠦᠢ ᠬᠦᠮᠦᠰ ᠤᠨ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠡᠴᠡ ᠪᠠᠨ ᠪᠠᠭᠤᠬᠤ ᠭᠤᠶᠤᠴᠢᠯᠡᠯ ᠢ ᠪᠠᠳ᠋ᠤᠯᠠᠵᠤ᠂ ᠸᠠᠩ ᠽᠦ᠋ᠩ ᠬᠤᠸᠠ ᠶᠢᠨ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠰᠢᠶᠠᠯ ᠡᠴᠡ ᠪᠠᠨ ᠪᠠᠭᠤᠬᠤ ᠶᠢ ᠬᠦᠯᠢᠶᠡᠨ ᠠᠪᠤᠪᠠ︔ ᠼᠦ᠋ᠢ ᠯᠸᠢ ᠯᠸᠢ ᠶᠢᠨ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠲᠤᠰᠢᠶᠠᠯ ᠡᠴᠡ ᠪᠠᠨ ᠪᠠᠭᠤᠬᠤ ᠶᠢ ᠬᠦᠯᠢᠶᠡᠨ ᠠᠪᠴᠦ᠂ ᠲᠡᠭᠦᠨ ᠤ ᠬᠠᠷᠢᠭᠤᠴᠠᠵᠤ ᠪᠠᠢ᠌ᠭᠰᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠲᠤᠰᠢᠶᠠᠯ ᠨᠢ ᠲᠠᠭᠤᠰᠪᠠ᠃
ᠬᠤᠷᠠᠯ ᠡᠴᠡ ᠠᠵᠢᠯᠳ᠋ᠡᠨ ᠤ ᠶᠠᠪᠤᠳ᠋ᠠᠯ ᠤᠨ ᠲᠤᠰᠢᠶᠠᠯ ᠳᠤ ᠲᠤᠮᠢᠯᠠᠬᠤ ᠪᠠᠭᠤᠯᠭᠠᠬᠤ ᠠᠵᠢᠯ ᠢ ᠶᠠᠪᠤᠭᠳ᠋ᠠᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠭᠦᠸᠸ ᠶᠠ ᠹᠸᠩ《ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠳᠤ ᠲᠡᠪᠰᠢᠭᠦᠯᠦᠭ᠍ᠰᠡᠨ ᠺᠠᠳ᠋ᠷ ᠢ ᠲᠤᠮᠢᠯᠠᠬᠤ ᠪᠠᠭᠤᠯᠭᠠᠬᠤ ᠲᠤᠬᠠᠢ ᠵᠦ᠋ᠪᠯᠡᠯᠭᠡ》 ᠶᠢ ᠤᠩᠰᠢᠨ ᠨᠡᠪᠳ᠋ᠡᠷᠡᠭᠡᠵᠦ᠂ ᠰᠦ᠋ᠸᠸ ᠮᠢᠩ ᠢᠦᠢ ᠲᠤᠰᠢᠶᠠᠯ ᠳᠤ ᠲᠤᠮᠢᠯᠠᠬᠤ ᠵᠢᠱᠢᠭ᠍ᠳ᠋ᠡᠭ᠍ᠴᠢ ᠶᠢᠨ ᠲᠤᠪᠴᠢ ᠨᠠᠮᠳ᠋ᠠᠷ ᠢ ᠲᠠᠨᠢᠯᠴᠠᠭᠤᠯᠪᠠ᠃
ᠬᠤᠷᠠᠯ ᠲᠡᠭᠡᠷ᠎ᠠ ᠰᠢᠨ᠎ᠠ ᠪᠠᠷ ᠲᠤᠰᠢᠶᠠᠯ ᠳᠤ ᠲᠤᠮᠢᠯᠠᠬᠤ ᠪᠠᠷ ᠪᠠᠢ᠌ᠭ᠎ᠠ ᠬᠦᠮᠦᠰ ᠲᠤᠰᠢᠶᠠᠯ ᠡᠭᠦᠷᠭᠡᠯᠡᠬᠦ ᠶᠠᠷᠢᠶ᠎ᠠ ᠬᠢᠪᠡ᠃ ᠬᠠᠮᠢᠶ᠎ᠠ ᠪᠦᠬᠦᠢ ᠲᠦ᠋ᠷᠢᠮ ᠲᠤᠭᠳ᠋ᠠᠭᠠᠯ ᠢ ᠦᠨᠳ᠋ᠦᠰᠦᠯᠡᠨ᠂ ᠬᠤᠷᠠᠯ ᠡᠴᠡ ᠡᠮᠦᠨ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠲᠤᠰᠢᠶᠠᠯ ᠳᠤ ᠲᠤᠮᠢᠯᠠᠬᠤ ᠡᠴᠡ ᠡᠮᠦᠨᠡᠬᠢ ᠬᠠᠦᠯᠢ ᠴᠠᠭᠠᠵᠠ ᠶᠢᠨ ᠮᠡᠳ᠋ᠡᠯᠭᠡ ᠶᠢᠨ ᠰᠢᠯᠭᠠᠯᠳ᠋ᠠ ᠬᠢᠵᠦ᠂ ᠰᠢᠯᠭᠠᠯᠳ᠋ᠠ ᠶᠢᠨ ᠬᠢᠷᠢ ᠪᠦᠳ᠋ᠦᠮᠵᠢ ᠨᠢ ᠬᠢᠷᠢ ᠲᠡᠩᠴᠡᠨ᠂ ᠨᠢᠭᠡᠨᠳ᠋ᠡ ᠲᠤᠰᠢᠶᠠᠯ ᠳᠤ ᠲᠤᠮᠢᠯᠠᠬᠤ ᠬᠠᠦᠯᠢ ᠴᠠᠭᠠᠵᠠ ᠶᠢᠨ ᠬᠡᠪ ᠴᠢᠨᠠᠷ ᠢ ᠪᠦᠷᠢᠯᠳ᠋ᠦᠭᠦᠯᠦᠭ᠍ᠰᠡᠨ ᠪᠠᠢ᠌ᠨ᠎ᠠ᠃
ᠬᠤᠷᠠᠯ ᠡᠴᠡ ᠪᠢᠯᠸᠲ ᠦᠭ᠍ᠴᠦ ᠪᠠᠳ᠋ᠤᠯᠠᠬᠤ ᠪᠠᠷ ᠲᠠᠮᠵᠢᠨ ᠼᠦ᠋ᠢ ᠯᠸᠢ ᠯᠸᠢ ᠶᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ᠂ ᠯᠢᠨ ᠬᠤᠩ ᠴᠢᠩ ᠢ ᠵᠠᠷᠤᠳ ᠬᠤᠰᠢᠭᠤᠨ ᠤ ᠦᠭᠡᠷᠡᠴᠢᠯᠡᠯᠳ᠋ᠡ ᠪᠠ ᠬᠦᠭ᠍ᠵᠢᠭᠦᠯᠦᠯᠳ᠋ᠡ ᠶᠢᠨ ᠵᠦ᠋ᠪᠯᠡᠯ ᠤᠨ ᠡᠷᠬᠢᠯᠡᠭ᠍ᠴᠢ᠂ ᠰᠤᠷᠭᠠᠯᠳ᠋ᠤ ᠶᠢ ᠵᠠᠷᠤᠳ ᠬᠤᠰᠢᠭᠤᠨ ᠤ ᠤᠷᠤᠨ ᠰᠠᠭᠤᠴᠠ ᠪᠠ ᠬᠤᠳ᠋ᠠ ᠪᠠᠯᠭᠠᠰᠤ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠪᠠᠷ ᠲᠤᠮᠢᠯᠠᠪᠠ᠃
ᠡᠦ ᠴᠢᠩ ᠬᠠᠢ ᠡᠴᠡ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠲᠤ ᠲᠤᠮᠢᠯᠠᠯ ᠤᠨ ᠪᠢᠴᠢᠭ᠌ ᠭᠠᠷᠳ᠋ᠠᠭᠤᠯᠵᠤ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠡᠳ ᠦᠨᠳ᠋ᠦᠰᠦᠨ ᠬᠠᠦᠯᠢ ᠳᠤ ᠲᠠᠩᠭ᠋ᠠᠷᠢᠭᠯᠠᠪᠠ᠃
ᠡᠦ ᠴᠢᠩ ᠬᠠᠢ᠂ ᠰᠢᠨ᠎ᠠ ᠪᠠᠷ ᠲᠤᠰᠢᠶᠠᠯ ᠳᠤ ᠲᠤᠮᠢᠯᠠᠭᠳ᠋ᠠᠭᠰᠠᠳ ᠬᠠᠷᠢᠭᠤᠴᠠᠯᠭᠠᠳ᠋ᠤ ᠰᠡᠳᠭᠢᠯᠭᠡ ᠪᠠ ᠡᠭᠦᠷᠭᠡᠳ᠋ᠦ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠲᠦ᠋ᠪ ᠪᠠ ᠪᠦᠬᠦ ᠬᠤᠰᠢᠭᠤᠨ ᠤ ᠶᠡᠬᠡ ᠲᠠᠯ᠎ᠠ᠂ ᠤᠨᠴᠠᠭᠠᠢ᠌ᠯᠠᠨ ᠤᠳ᠋ᠤᠬᠠᠨ ᠤ ᠦᠷᠨᠢᠭᠦᠯᠵᠦ ᠪᠠᠢ᠌ᠭ᠎ᠠ ᠭᠤᠤᠯᠳ᠋ᠠᠯᠭ᠎ᠠ ᠲᠡᠶ ᠠᠵᠢᠯ ᠪᠠ ᠤᠯᠠᠨ ᠲᠦ᠋ᠮᠡᠨ ᠤ ᠲᠦ᠋ᠭᠡᠮᠡᠯ ᠠᠩᠬᠠᠷᠴᠦ ᠪᠠᠢ᠌ᠬᠤ ᠬᠠᠯᠠᠮᠰᠢᠯ ᠠᠰᠠᠭᠤᠳ᠋ᠠᠯ ᠲᠡᠶ ᠨᠢᠭᠳ᠋ᠠ ᠤᠶᠠᠯᠳ᠋ᠤᠭᠤᠯᠤᠨ᠂ ᠠᠵᠢᠯ ᠶᠢᠡᠨ ᠡᠭᠦᠳ᠋ᠦᠨ ᠪᠦᠳ᠋ᠦᠭᠡᠯᠳ᠋ᠦ ᠴᠢᠨᠠᠷᠳ᠋ᠠᠢ ᠦᠷᠨᠢᠭᠦᠯᠬᠦ ᠬᠡᠷᠡᠭ᠍ᠳ᠋ᠠᠢ᠃ ᠠᠷᠠᠳ ᠤᠨ ᠲᠦ᠋ᠯᠦᠭᠡ ᠬᠡᠬᠦ ᠵᠤᠷᠢᠯᠳ᠋ᠠ ᠪᠠᠨ ᠪᠠᠳ᠋ᠤ ᠴᠡᠭᠡᠵᠢᠯᠡᠨ᠂ ᠠᠷᠠᠳ ᠲᠦ᠋ᠮᠡᠨ ᠤ ᠬᠦᠨᠳ᠋ᠦ ᠨᠠᠢ᠌ᠳ᠋ᠠᠯᠭ᠎ᠠ ᠶᠢ ᠬᠦᠰᠡᠷᠳ᠋ᠡᠭᠦᠯᠬᠦ ᠦᠭᠡᠶ ᠪᠠᠢ᠌ᠵᠤ᠂ ᠠᠷᠠᠳ ᠲᠦ᠋ᠮᠡᠨ ᠤ ᠬᠢᠨᠠᠯᠳ᠋ᠠ ᠶᠢ ᠤᠬᠠᠮᠰᠡᠷ ᠡᠴᠡ ᠪᠠᠨ ᠬᠦᠯᠢᠶᠡᠨ᠂ ᠰᠢᠨ᠎ᠠ ᠠᠵᠢᠯ ᠤᠨ ᠪᠠᠢ᠌ᠷᠢ ᠲᠡᠭᠡᠷ᠎ᠠ ᠪᠠᠨ ᠰᠢᠨ᠎ᠠ ᠠᠮᠵᠢᠯᠳ᠋ᠡ ᠭᠠᠷᠭᠠᠵᠤ᠂ ᠮᠠᠨ ᠤ ᠬᠤᠰᠢᠭᠤᠨ ᠤ ᠡᠯ᠎ᠠ ᠲᠦ᠋ᠷᠦᠯ ᠤᠨ ᠠᠵᠢᠯ ᠦᠢᠯᠡᠰ ᠤᠨ ᠬᠦᠭ᠍ᠵᠢᠯᠳ᠋ᠡ ᠶᠢ ᠠᠬᠢᠭᠤᠯᠬᠤ ᠳᠤ ᠰᠠᠢ᠌ᠨ ᠲᠠᠭᠤᠷᠢᠶᠠᠯ ᠦᠵᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃
ᠬᠤᠷᠠᠯ ᠡᠴᠡ ᠬᠤᠰᠢᠭᠤᠨ ᠤ ᠵᠠᠰᠠᠭ ᠤᠨ ᠤᠷᠳ᠋ᠤᠨ ᠤ 2022 ᠤᠨ ᠤ ᠲᠡᠭᠡᠷ᠎ᠠ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠢ᠌ᠭᠡᠮ ᠤᠨ ᠬᠦᠭ᠍ᠵᠢᠯᠳ᠋ᠡ ᠶᠢᠨ ᠲᠦ᠋ᠯᠦᠪᠯᠡᠭᠡ ᠶᠢ ᠭᠦᠢᠴᠡᠳᠭᠡᠭ᠍ᠰᠡᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ ᠶᠢ ᠰᠤᠨᠤᠰᠴᠦ ᠬᠢᠨᠠᠨ ᠵᠦ᠋ᠪᠯᠡᠪᠡ︔ ᠬᠤᠰᠢᠭᠤᠨ ᠤ ᠵᠠᠰᠠᠭ ᠤᠨ ᠤᠷᠳ᠋ᠤᠨ ᠤ 2021 ᠤᠨ ᠤ ᠬᠤᠰᠢᠭᠤᠨ ᠲᠤᠰ ᠱᠠᠳ᠋ᠤᠨ ᠤ ᠲᠦ᠋ᠰᠦᠪ ᠤᠨ ᠭᠦᠢᠴᠡᠳᠭᠡᠯ ᠵᠢᠴᠢ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠢᠨᠠᠨ ᠪᠤᠳ᠋ᠤᠯᠳ᠋ᠠ ᠶᠢᠨ ᠠᠵᠢᠯ ᠤᠨ ᠲᠤᠬᠠᠢ ᠮᠡᠳ᠋ᠡᠭᠦᠯᠦᠯᠳ᠋ᠡ ᠶᠢ ᠰᠤᠨᠤᠰᠴᠦ ᠬᠢᠨᠠᠨ ᠵᠦ᠋ᠪᠯᠡᠪᠡ︔ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠰᠢᠨᠵᠢᠯᠡᠬᠦ ᠤᠬᠠᠭᠠᠨ ᠲᠸᠭ᠍ᠨᠢᠭ᠌ ᠮᠡᠷᠭᠡᠵᠢᠯ ᠤᠨ ᠲᠠᠪᠰᠢᠯᠳ᠋ᠡ ᠶᠢᠨ ᠬᠠᠦᠯᠢ》 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠸᠭ᠍ᠨᠢᠭ᠌ ᠮᠡᠷᠭᠡᠵᠢᠯ ᠤᠨ ᠲᠠᠪᠰᠢᠯᠳ᠋ᠡ ᠶᠢᠨ ᠲᠦ᠋ᠷᠢᠮ》 ᠤᠨ ᠬᠠᠦᠯᠢ ᠬᠡᠷᠡᠭ᠍ᠵᠢᠬᠦᠯᠦᠯᠳ᠋ᠡ ᠶᠢᠨ ᠪᠠᠢ᠌ᠴᠠᠭᠠᠯᠳ᠋ᠠ ᠤᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ ᠶᠢ ᠬᠢᠨᠠᠨ ᠰᠤᠨᠤᠰᠴᠦ ᠪᠠᠳ᠋ᠤᠯᠠᠪᠠ︔ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠦᠯᠢ》 ᠶᠢᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ ᠶᠢ ᠬᠢᠨᠠᠨ ᠰᠤᠨᠤᠰᠴᠦ ᠪᠠᠳ᠋ᠤᠯᠠᠪᠠ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 2021 ᠤᠨ ᠤ ᠬᠤᠰᠢᠭᠤᠨ ᠲᠤᠰ ᠱᠠᠳ᠋ᠤᠨ ᠤ ᠡᠳ᠋ ᠤᠨ ᠵᠠᠰᠠᠭ ᠤᠨ ᠲᠦ᠋ᠰᠦᠪ ᠤᠨ ᠭᠦᠢᠴᠡᠳᠭᠡᠯ (ᠲᠦ᠋ᠰᠦᠯ) ᠤᠨ ᠲᠤᠬᠠᠢ ᠮᠡᠳ᠋ᠡᠭᠦᠯᠦᠯᠳ᠋ᠡ ᠶᠢ ᠬᠢᠨᠠᠨ ᠵᠦ᠋ᠪᠰᠢᠶᠡᠷᠡᠵᠦ᠂ 2022 ᠤᠨ ᠤ ᠲᠡᠭᠡᠷ᠎ᠠ ᠬᠠᠭᠠᠰ ᠵᠢᠯ ᠤᠨ ᠲᠦ᠋ᠰᠦᠪ ᠢ ᠭᠦᠢᠴᠡᠳᠭᠡᠭ᠍ᠰᠡᠨ ᠪᠠᠢ᠌ᠳ᠋ᠠᠯ ᠤᠨ ᠲᠤᠬᠠᠢ ᠮᠡᠳ᠋ᠡᠭᠦᠯᠦᠯᠳ᠋ᠡ ᠶᠢ ᠬᠢᠨᠠᠨ ᠵᠦ᠋ᠪᠯᠡᠪᠡ᠃ ᠬᠤᠷᠠᠯ ᠳᠤ ᠤᠷᠤᠯᠴᠠᠭᠰᠡᠳ ᠡᠯ᠎ᠠ ᠲᠦ᠋ᠷᠦᠯ ᠤᠨ ᠮᠡᠳ᠋ᠡᠭᠦᠯᠦᠯᠳ᠋ᠡ ᠶᠢᠨ ᠲᠤᠭᠤᠷᠢᠨ ᠳᠤ ᠶᠠᠷᠢᠯᠴᠠᠭ᠎ᠠ ᠦᠷᠨᠢᠭᠦᠯᠦᠭ᠍ᠰᠡᠨ ᠪᠦᠭᠡᠳ ᠬᠠᠨᠳ᠋ᠤᠯᠭᠠᠳ᠋ᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)