ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ᠁
ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ

   10 ᠰᠠᠷ᠎ᠠ ᠶᠢᠨ 16 ᠤ ᠡᠳ᠋ᠦᠷ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠪᠡᠭᠡᠵᠢᠩ ᠳᠤ ᠬᠤᠷᠠᠯᠳ᠋ᠤᠪᠠ᠃ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠸᠯᠸᠢᠰ ᠰᠢᠭᠤᠳ ᠨᠡᠪᠳ᠋ᠡᠷᠡᠭᠦᠯᠭᠡ ᠂ ᠰᠦ᠋ᠯᠵᠢᠶᠡᠨ ᠲᠠᠪᠴᠠᠩ ᠢ ᠲᠦ᠋ᠪᠯᠡᠷᠡᠭᠦᠯᠦᠨ ᠦᠵᠡᠬᠦ ᠵᠡᠷᠭᠡ ᠤᠯᠠᠨ ᠵᠦ᠋ᠢᠯ ᠤᠨ ᠬᠡᠯᠪᠡᠷᠢ ᠪᠡᠷ ᠲᠠᠮᠵᠢᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠪᠡ᠃
        ᠨᠠᠮ ᠤᠨ ᠬᠤᠷᠢᠳ᠋ᠤᠭᠠᠷ ᠶᠡᠬᠡ ᠬᠤᠷᠠᠯ ᠤᠨ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠤᠭᠰᠠᠨ ᠤ ᠲᠠᠷᠠᠭ᠎ᠠ᠂ ᠠᠷᠠᠳ ᠤᠨ ᠲᠦ᠋ᠯᠦᠭᠡᠯᠡᠭ᠍ᠴᠢᠳ ᠡᠴᠡ᠂ ᠡᠷᠡᠮᠡᠭᠡᠢ᠌ᠯᠡᠨ ᠲᠠᠪᠰᠢᠭᠰᠠᠨ 10 ᠵᠢᠯ ᠳᠤ᠂ ᠠᠮᠵᠢᠯᠳ᠋ᠡ ᠪᠦᠳ᠋ᠦᠮᠵᠢ ᠨᠢᠭᠡᠪᠦᠷᠢ ᠴᠦ᠋ᠮ ᠬᠢᠯᠪᠠᠷ ᠪᠤᠰᠤ ᠪᠠᠷ ᠢᠷᠡᠭ᠍ᠰᠡᠨ ᠶᠤᠮ᠂ ᠴᠦ᠋ᠮ ᠨᠠᠮ ᠪᠤᠯᠤᠨ ᠠᠷᠠᠳ ᠲᠦ᠋ᠮᠡᠨ ᠭᠠᠷ ᠬᠤᠯᠪᠤᠨ ᠲᠡᠮᠡᠴᠡᠵᠦ ᠪᠠᠢ᠌ᠭᠠᠳ ᠤᠯᠤᠭᠰᠠᠨ ᠶᠤᠮ᠃ ᠠᠷᠠᠳ ᠤᠨ ᠲᠦ᠋ᠯᠦᠭᠡᠯᠡᠭ᠍ᠴᠢᠳ ᠪᠤᠯᠤᠭᠰᠠᠨ ᠤ ᠬᠤᠪᠢ ᠳᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠠᠭᠤᠤ ᠶᠡᠬᠡ ᠨᠠᠮ ᠪᠠᠢ᠌ᠭᠤᠯᠬᠤ ᠵᠤᠷᠢᠭ ᠰᠠᠨᠠᠭ᠎ᠠ ᠶᠢ ᠪᠠᠳ᠋ᠠᠷᠠᠭᠤᠯᠵᠤ᠂ ᠨᠠᠮ ᠤᠨ ᠤᠳ᠋ᠤᠷᠢᠳ᠋ᠤᠯᠭ᠎ᠠ᠂ ᠠᠷᠠᠳ ᠲᠦ᠋ᠮᠡᠨ ᠡᠷᠬᠡ ᠮᠡᠳ᠋ᠡᠵᠦ ᠡᠵᠡᠨ ᠰᠠᠭᠤᠬᠤ᠂ ᠬᠠᠦᠯᠢ ᠪᠠᠷ ᠤᠯᠤᠰ ᠶᠢᠡᠨ ᠵᠠᠰᠠᠬᠤ ᠶᠢ ᠤᠷᠭᠠᠨᠢᠭ ᠶᠢᠡᠷ ᠨᠢᠭᠡᠳᠭᠡᠬᠦ ᠶᠢ ᠪᠠᠷᠢᠮᠳ᠋ᠠᠯᠠᠵᠤ᠂ ᠰᠢᠨ᠎ᠠ ᠬᠦᠭ᠍ᠵᠢᠯᠳ᠋ᠡ ᠶᠢᠨ ᠱᠠᠳ᠋ᠤᠨ ᠳᠤ ᠰᠠᠭᠤᠷᠢᠯᠡᠨ᠂ ᠰᠢᠨ᠎ᠠ ᠬᠦᠭ᠍ᠵᠢᠯᠳ᠋ᠡ ᠶᠢᠨ ᠤᠢ᠌ᠯᠠᠭᠠᠭᠳ᠋ᠠᠬᠤᠨ ᠢ ᠲᠤᠭᠤᠰᠢᠯᠠᠭᠤᠯᠵᠤ᠂ ᠰᠢᠨ᠎ᠠ ᠬᠦᠭ᠍ᠵᠢᠯᠳ᠋ᠡ ᠶᠢᠨ ᠪᠠᠢ᠌ᠷᠢᠰᠢᠯ ᠳᠤ ᠠᠭᠤᠰᠤᠯᠴᠡᠨ᠂ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠡᠯ ᠢ ᠬᠦᠭ᠍ᠵᠢᠭᠦᠯᠦᠨ᠂ ᠦᠨᠳ᠋ᠦᠰᠦᠨ  ᠬᠠᠦᠯᠢ ᠬᠠᠦᠯᠢ ᠴᠠᠭᠠᠵᠠ ᠡᠴᠡ ᠤᠯᠭᠤᠭᠰᠠᠨ ᠡᠯ᠎ᠠ ᠵᠦ᠋ᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ᠰᠢᠨ᠎ᠠ ᠵᠠᠷᠤᠳ ᠤᠨ ᠪᠦᠳ᠋ᠦᠭᠡᠨ ᠪᠠᠢ᠌ᠭᠤᠯᠤᠯᠳ᠋ᠠ ᠶᠢᠨ ᠰᠢᠨ᠎ᠠ ᠬᠠᠭᠤᠳ᠋ᠠᠰᠤ ᠶᠢ ᠴᠢᠷᠮᠠᠢ᠌ᠨ ᠪᠢᠴᠢᠭᠯᠡᠬᠦ ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠠ ᠭᠡᠵᠦ ᠢᠯᠡᠳᠭᠡᠵᠡᠭᠡᠪᠡ᠃ 

       
        ᠠᠷᠤ ᠬᠦᠨᠳ᠋ᠡᠯᠡᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠬᠦᠮ ᠤᠨ ᠲᠡᠷᠢᠭᠦᠯᠡᠭ᠍ᠴᠢ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠴᠸᠨ ᠱᠤ ᠮᠸᠢ ᠡᠴᠡ᠂ ᠬᠠᠨᠴᠤᠢ ᠪᠠᠨ ᠰᠢᠮᠠᠯᠠᠨ ᠦᠷᠭᠦᠯᠵᠢᠯᠡᠨ ᠴᠢᠷᠮᠠᠢ᠌ᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠭᠤᠢ᠌ᠪᠢᠰᠢ ᠦᠭᠡᠶ ᠦᠢᠯᠡᠳ᠋ᠦᠯᠭᠡᠵᠢᠭᠦᠯᠦᠨ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠦᠵᠡᠯ ᠰᠠᠨᠠᠭ᠎ᠠ ᠪᠠᠷ ᠵᠢᠯᠤᠭᠤᠳ᠋ᠤᠯᠭ᠎ᠠ ᠪᠤᠯᠭᠠᠵᠤ᠂ ᠨᠡᠢ᠌ᠭᠡᠮ ᠵᠢᠷᠤᠮ ᠤᠨ ᠤᠳ᠋ᠤᠬᠢᠴᠢᠯᠠᠯᠳ᠋ᠠ ᠶᠢᠨ ᠤᠯᠤᠰ ᠢ ᠪᠦᠬᠦ ᠲᠠᠯ᠎ᠠ ᠪᠠᠷ ᠪᠦᠳ᠋ᠦᠭᠡᠨ ᠪᠠᠢ᠌ᠭᠤᠯᠬᠤ ᠦᠢᠯᠡᠳ᠋ᠦᠯᠭᠡ ᠲᠤᠮᠳ᠋ᠠ ᠬᠦᠴᠦ ᠪᠠᠨ ᠡᠷᠭᠦᠨ᠎ᠠ ᠭᠡᠪᠡ᠃

         
      ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠪᠠᠶᠠᠷᠳ᠋ᠤᠬᠤᠰᠢᠭᠤ ᠰᠤᠷᠭᠠᠭᠤᠯᠢ ᠶᠢᠨ ᠨᠠᠮ ᠤᠨ ᠡᠭᠦᠷ ᠤᠨ ᠱᠦ᠋ᠵᠢ᠂ ᠵᠠᠬᠢᠷᠤᠯ ᠱᠤᠸᠠᠩᠰᠢ ᠡᠴᠡ᠂ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠦᠷᠭᠡᠨ ᠤᠯᠠᠨ ᠭᠡᠷ ᠤᠨ ᠠᠬᠠᠮᠡᠳ ᠪᠠ ᠪᠠᠭᠰᠢ ᠨᠡᠷ ᠤᠨ ᠬᠦᠰᠡᠯ ᠱᠠᠭᠠᠷᠳ᠋ᠠᠯᠭ᠎ᠠ ᠶᠢ ᠴᠠᠭ ᠲᠤᠬᠠᠢ ᠳ᠋ᠤᠨᠢ ᠤᠢ᠌ᠯᠠᠭᠠᠨ᠂ ᠭᠡᠷ ᠤᠨ ᠠᠬᠠᠮᠠᠳ ᠪᠠ ᠪᠠᠭᠰᠢ ᠠᠵᠢᠯᠳ᠋ᠡᠳ ᠲᠡᠶ ᠢᠳ᠋ᠡᠪᠬᠢᠳ᠋ᠠᠢ ᠪᠠᠷ ᠰᠠᠨᠠᠯ ᠶᠢᠡᠨ ᠰᠤᠯᠢᠯᠴᠠᠵᠤ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠲᠤᠰ ᠪᠡᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠦᠳ᠋ᠡᠭᠡ ᠲᠤᠰᠬᠤᠨ ᠤ ᠰᠤᠷᠭᠠᠭᠤᠯᠢ ᠪᠠ ᠦᠷᠭᠡᠨ ᠤᠯᠠᠨ ᠪᠠᠭᠰᠢ ᠰᠤᠷᠤᠭᠴᠢᠳ ᠤᠨ ᠢᠷᠡᠭᠡᠳ᠋ᠦᠢ ᠶᠢᠨ ᠲᠦ᠋ᠯᠦᠭᠡ ᠴᠢᠷᠮᠠᠢ᠌ᠨ᠎ᠠ ᠭᠡᠪᠡ᠃
                  

    ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠲᠦ᠋ᠯᠦᠭᠡᠯᠡᠭ᠍ᠴᠢ᠂ ᠴᠢᠪᠠᠭᠠᠳ᠋ᠤ ᠰᠤᠮᠤ ᠶᠢᠨ ᠨᠠᠮ ᠤᠨ ᠡᠭᠦᠷ ᠤᠨ ᠱᠦ᠋ᠵᠢ ᠵᠸᠦ ᠴᠸᠩ ᠼᠠᠢ ᠡᠴᠡ᠂ ᠲᠤᠬᠠᠢ᠌ᠯᠠᠭᠰᠠᠨ ᠠᠵᠢᠯ ᠤᠨ ᠪᠠᠢ᠌ᠷᠢ ᠳᠠᠭᠠᠨ ᠰᠠᠭᠤᠷᠢᠯᠡᠨ᠂ ᠦᠨᠡᠨ ᠬᠦ ᠠᠳᠬᠤᠨ ᠪᠤᠳ᠋ᠠᠳ᠋ᠠᠢ ᠬᠢᠵᠦ᠂ ᠤᠭ ᠰᠠᠨᠠᠭ᠎ᠠ ᠪᠠᠨ ᠦᠯᠦ ᠮᠠᠷᠳ᠋ᠠᠨ᠂ ᠡᠷᠡᠮᠡᠭᠡᠢ᠌ᠯᠡᠨ ᠤᠷᠤᠭᠰᠢᠯᠠᠵᠤ᠂ ᠪᠦᠬᠦ ᠰᠤᠮᠤ ᠶᠢᠨ ᠦᠷᠭᠡᠨ ᠤᠯᠠᠨ ᠠᠷᠠᠳ ᠲᠦ᠋ᠮᠡᠨ ᠢ ᠲᠠᠭᠠᠭᠤᠯᠤᠨ ᠠᠵᠢᠯ ᠤᠨ ᠰᠢᠨ᠎ᠠ ᠪᠠᠢ᠌ᠳ᠋ᠠᠯ ᠢ ᠡᠭᠦᠳ᠋ᠦᠶ᠎ᠠ ᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠠᠷᠤ ᠬᠦᠨᠳ᠋ᠡᠯᠡᠨ ᠪᠠᠯᠭᠠᠰᠤᠨ ᠤ ᠪᠠᠶᠠᠨᠴᠠᠭᠠᠨ ᠭᠠᠴᠠᠭ᠎ᠠ ᠶᠢᠨ ᠨᠠᠮ ᠤᠨ ᠡᠭᠦᠷ ᠤᠨ ᠱᠦ᠋ᠵᠢ ᠲᠤᠰᠬᠤᠨ ᠤ ᠵᠦ᠋ᠪᠯᠡᠯ ᠤᠨ ᠡᠷᠬᠢᠯᠡᠭ᠍ᠴᠢ ᠲᠦ᠋ᠷᠭᠡᠨᠪᠠᠶᠠᠷ ᠤᠭ ᠰᠠᠨᠠᠭ᠎ᠠ ᠪᠠᠨ ᠦᠯᠦ ᠮᠠᠷᠳ᠋ᠠᠨ ᠠᠷᠠᠳ ᠤᠨ ᠲᠦ᠋ᠯᠦᠭᠡ ᠴᠢᠷᠮᠠᠢ᠌ᠵᠤ ᠪᠠᠢ᠌ᠭ᠎ᠠ
ᠳᠠᠷᠠᠭᠠᠬᠢ᠄ ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠬᠤᠶᠠᠷ)