ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ᠁
ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠬᠤᠶᠠᠷ)

 ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ 10 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠡᠮᠦᠨ᠎ᠠ ᠠᠷᠠᠳ ᠤᠨ ᠶᠡᠬᠡ ᠬᠤᠷᠠᠯ ᠤᠨ ᠲᠠᠩᠭᠢᠮ ᠳᠤ ᠦᠪᠡᠳ᠋ᠡᠭ᠍ᠰᠢ ᠶᠡᠬᠡᠪᠡᠷ ᠡᠬᠢᠯᠡᠪᠡ᠃ ᠶᠡᠷᠦᠩᠬᠡᠢ ᠱᠦ᠋ᠵᠢ ᠰᠢ ᠵᠢᠨ ᠫᠢᠩ ᠠᠷᠪᠠ ᠶᠢᠰᠦᠳ᠋ᠦᠭᠡᠷ ᠬᠤᠭᠤᠴᠠᠭᠠᠨ ᠤ ᠲᠦ᠋ᠪ ᠬᠤᠷᠢᠶ᠎ᠠ ᠶᠢ ᠲᠦ᠋ᠯᠦᠭᠡᠯᠡᠨ ᠶᠡᠬᠡ ᠬᠤᠷᠠᠯ ᠳᠤ ᠢᠯᠡᠳᠭᠡᠯ ᠬᠢᠪᠡ᠃ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠸᠯᠸᠢᠰ ᠰᠢᠭᠤᠳ ᠨᠡᠪᠳ᠋ᠡᠷᠡᠭᠦᠯᠭᠡ᠂ ᠰᠦ᠋ᠯᠵᠢᠶᠡᠨ ᠤ ᠲᠠᠪᠴᠠᠩ ᠵᠡᠷᠭᠡ ᠤᠯᠠᠨ ᠵᠦ᠋ᠢᠯ ᠤᠨ ᠵᠠᠭᠤᠴᠢᠯᠠᠭᠤᠷ ᠶᠢᠡᠷ ᠲᠠᠮᠵᠢᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠦᠵᠡᠪᠡ᠃

        
        ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭ᠍ᠴᠢ ᠪᠠᠢ ᠶᠠᠨ ᠰᠢᠦᠸᠠᠢ ᠡᠴᠡ᠂ ᠨᠠᠮ ᠤᠨ ᠠᠯᠪᠠᠨ ᠭᠡᠷ ᠤᠨ ᠬᠦᠮᠦᠨ ᠪᠤᠯᠤᠭᠰᠠᠨ ᠤ ᠬᠤᠪᠢ ᠳᠤ ᠤᠯᠤᠰ ᠲᠦ᠋ᠷᠦ ᠶᠢᠨ ᠰᠢᠨᠵᠢ ᠴᠢᠨᠠᠷ ᠢ ᠪᠠᠳ᠋ᠤ ᠡᠵᠡᠮᠳ᠋ᠡᠨ᠂《ᠲᠠᠪᠤ ᠶᠢ ᠪᠠᠷᠢᠮᠳ᠋ᠠᠯᠠᠬᠤ》 ᠶᠢ ᠢᠳ᠋ᠡᠪᠬᠢᠳ᠋ᠠᠢ ᠦᠢᠯᠡᠳ᠋ᠦᠯᠭᠡᠵᠢᠭᠦᠯᠵᠦ᠂ ᠤᠯᠤᠰ ᠲᠦ᠋ᠷᠦ ᠶᠢᠨ ᠡᠭᠦᠷᠭᠡᠯᠡᠯ ᠶᠢᠡᠷ ᠵᠢᠯᠤᠭᠤᠳ᠋ᠤᠮᠵᠢ ᠪᠤᠯᠭᠠᠨ᠂ 《ᠲᠠᠢ᠌ᠯᠪᠤᠷᠢᠯᠠᠬᠤ ᠰᠡᠳᠭᠢᠬᠦᠢ ᠲᠡᠶ ᠪᠠᠢ᠌ᠬᠤ》 ᠪᠠᠷ ᠬᠦᠳ᠋ᠡᠯᠭᠡᠬᠦ ᠬᠦᠴᠦᠨ ᠪᠤᠯᠭᠠᠵᠤ᠂ ᠠᠷᠠᠳ ᠲᠦ᠋ᠮᠡᠨ ᠳᠤ ᠦᠢᠯᠡᠴᠢᠯᠡᠬᠦ ᠤᠬᠠᠮᠰᠡᠷ ᠢ ᠪᠠᠳ᠋ᠤ ᠪᠤᠢ ᠪᠤᠯᠭᠠᠨ᠂ ᠨᠠᠮ ᠤᠨ ᠬᠤᠷᠢᠳ᠋ᠤᠭᠠᠷ ᠶᠡᠬᠡ ᠬᠤᠷᠠᠯ ᠡᠴᠡ ᠵᠢᠷᠤᠭᠯᠠᠭᠰᠠᠨ ᠠᠤᠭ᠎ᠠ ᠶᠡᠬᠡ ᠵᠢᠷᠤᠭ ᠲᠦ᠋ᠰᠦᠪ ᠢ ᠲᠤᠭᠳ᠋ᠠᠭᠠᠵᠤ᠂《ᠭᠤᠷᠪᠠ ᠳᠤ ᠦᠢᠯᠡᠴᠢᠯᠡᠬᠦ》 ᠶᠠᠰᠦ ᠴᠢᠨᠠᠷ ᠤᠨ ᠲᠦ᠋ᠪᠰᠢᠨ ᠢ ᠲᠠᠰᠤᠷᠠᠯᠳ᠋ᠠ ᠦᠭᠡᠶ ᠲᠡᠭᠡᠭ᠍ᠰᠢᠯᠡᠭᠦᠯᠦᠨ᠎ᠠ ᠭᠡᠪᠡ᠃

        

 ᠲᠦ᠋ᠩᠯᠢᠶᠤᠤ ᠬᠤᠳ᠋ᠠ ᠶᠢᠨ ᠲᠠᠪᠤᠳ᠋ᠤᠭᠠᠷ᠂ ᠵᠢᠷᠭᠤᠳ᠋ᠤᠭᠠᠷ ᠬᠤᠭᠤᠴᠠᠭᠠᠨ ᠤ ᠲᠦ᠋ᠯᠦᠭᠡᠯᠡᠭ᠍ᠴᠢ᠂ ᠵᠠᠷᠤᠳ ᠬᠤᠰᠢᠭᠤᠨ ᠤ ᠪᠠᠢ ᠱᠦ᠋ᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠤᠨ ᠬᠡᠷᠡᠭ᠌ ᠮᠡᠳ᠋ᠡᠭ᠍ᠴᠢ ᠶᠢᠨ ᠲᠠᠷᠤᠭ᠎ᠠ ᠱᠤᠤ ᠰᠢᠶᠤᠤ ᠶᠠᠨ ᠡᠴᠡ᠂ ᠨᠢᠭᠡᠨ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠡᠭᠦᠷᠢᠳ᠋ᠡ ᠪᠠᠳ᠋ᠤ ᠴᠡᠭᠡᠵᠢᠯᠡᠨ᠂ ᠬᠤᠪᠢ ᠬᠦᠮᠦᠨ ᠤ ᠠᠵᠢᠯ ᠤᠨ ᠪᠠᠢ᠌ᠷᠢ ᠲᠡᠶ ᠪᠠᠨ ᠤᠶᠠᠯᠳ᠋ᠤᠭᠤᠯᠵᠤ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠬᠦᠭ᠍ᠵᠢᠯᠳ᠋ᠡ ᠶᠢᠨ ᠵᠠᠮ ᠲᠡᠭᠡᠷ᠎ᠠ ᠨᠡᠩ ᠬᠤᠯᠠ ᠠᠶᠠᠯᠠᠬᠤ ᠶᠢ ᠢᠳ᠋ᠡᠪᠬᠢᠳ᠋ᠠᠢ ᠲᠠᠢ᠌ᠴᠢᠯᠡᠨ᠂ ᠨᠡᠩ ᠤᠯᠠᠨ ᠲᠡᠵᠢᠭᠡᠨ ᠦᠷᠡᠵᠢᠭᠦᠯᠬᠦ ᠡᠷᠦᠭᠡ᠂ ᠲᠠᠷᠢᠶᠠᠴᠢᠨ ᠮᠠᠯᠴᠢᠳ ᠤᠨ ᠤᠷᠤᠯᠭ᠎ᠠ ᠶᠢ ᠨᠡᠮᠡᠭ᠍ᠳ᠋ᠡᠭᠦᠯᠦᠨ ᠪᠠᠶᠠᠵᠢᠭᠤᠯᠤᠨ᠎ᠠ ᠭᠡᠪᠡ᠃

        
        ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠵᠠᠷᠤᠳ ᠬᠤᠰᠢᠭᠤᠨ ᠤ ᠮᠤᠩᠭ᠋ᠤᠯ ᠡᠮᠨᠡᠯᠭᠡ ᠶᠢᠨ ᠬᠤᠷᠢᠶᠠᠨ ᠤ ᠬᠤᠷᠢᠶᠠᠨ ᠲᠠᠷᠤᠭ᠎ᠠ  ᠴᠡᠯᠮᠡᠭ᠌ ᠡᠴᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠸᠮ ᠤᠨ ᠨᠢᠭᠡ ᠭᠡᠰᠢᠭᠦᠨ ᠪᠤᠯᠤᠭᠰᠠᠨ ᠤ ᠬᠤᠪᠢ ᠳᠤ᠂ ᠦᠪᠡᠷ ᠤᠨ ᠲᠤᠰᠢᠶᠠᠯ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠠᠳ᠋ᠠᠷᠠᠭᠤᠯᠤᠨ᠂ ᠠᠷᠠᠳ ᠲᠦ᠋ᠮᠡᠨ ᠤ ᠡᠷᠡᠭᠦᠯ ᠮᠡᠨᠳ᠋ᠦ ᠪᠠᠷ ᠭᠤᠤᠯ ᠪᠤᠯᠭᠠᠬᠤ ᠶᠢ ᠪᠠᠷᠢᠮᠳ᠋ᠠᠯᠠᠵᠤ᠂ ᠦᠷᠭᠡᠨ ᠤᠯᠠᠨ ᠲᠦ᠋ᠮᠡᠨ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠨᠠᠷ ᠰᠠᠢ᠌ᠳ᠋ᠠᠢ ᠪᠠᠳ᠋ᠤᠯᠠᠭ᠎ᠠ ᠪᠠ ᠦᠢᠯᠡᠴᠢᠯᠡᠭᠡ ᠶᠢ ᠬᠠᠩᠭ᠋ᠠᠨ᠎ᠠ ᠭᠡᠪᠡ᠃ (ᠨᠠᠢ᠌ᠷᠠᠭᠤᠯᠤᠭᠴᠢ ᠯᠸᠢ ᠫᠠᠩ)

ᠡᠮᠦᠨᠡᠬᠢ᠄ ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ
ᠳᠠᠷᠠᠭᠠᠬᠢ᠄ ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠲᠦᠷᠪᠡ)