ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠲᠦᠷᠪᠡ)
ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ 10 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠡᠮᠦᠨ᠎ᠠ ᠠᠷᠠᠳ ᠤᠨ ᠶᠡᠬᠡ ᠬᠤᠷᠠᠯ ᠤᠨ ᠲᠠᠩᠭᠢᠮ ᠳᠤ ᠦᠪᠡᠳ᠋ᠡᠭ᠍ᠰᠢ ᠶᠡᠬᠡᠪᠡᠷ ᠡᠬᠢᠯᠡᠪᠡ᠃ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠸᠯᠸᠢᠰ ᠰᠢᠭᠤᠳ ᠨᠡᠪᠳ᠋ᠡᠷᠡᠭᠦᠯᠭᠡ᠂ ᠰᠦ᠋ᠯᠵᠢᠶᠡᠨ ᠤ ᠲᠠᠪᠴᠠᠩ ᠵᠡᠷᠭᠡ ᠤᠯᠠᠨ ᠵᠦ᠋ᠢᠯ ᠤᠨ ᠵᠠᠭᠤᠴᠢᠯᠠᠭᠤᠷ ᠶᠢᠡᠷ ᠲᠠᠮᠵᠢᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠦᠵᠡᠪᠡ᠃

ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠳ᠋ᠠ ᠯᠢᠦ ᠱᠤ ᠲᠤᠰᠬᠤᠨ ᠤ ᠡᠮᠴᠢ ᠧᠦ ᠰᠢ ᠬᠤᠸᠠ ᠡᠴᠡ᠂ ᠨᠢᠭᠡᠨ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠬᠤᠢ᠌ᠰᠢᠳ᠋ᠠ ᠶᠢᠨ ᠠᠵᠢᠯ ᠪᠠ ᠠᠮᠢᠳ᠋ᠤᠷᠠᠯ ᠲᠤᠮᠳ᠋ᠠ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠡᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠲᠦ᠋ᠯᠬᠢᠨ ᠠᠬᠢᠭᠤᠯᠬᠤ ᠵᠠᠮ ᠲᠡᠭᠡᠷ᠎ᠠ ᠢᠳ᠋ᠡᠭᠡᠯ ᠲᠦ᠋ᠭᠦᠷᠡᠩ᠂ ᠡᠷᠴᠢ ᠲᠡᠭᠦᠯᠳ᠋ᠡᠷ ᠪᠠᠢ᠌ᠵᠤ᠂ ᠠᠷᠠᠳ ᠤᠨ ᠲᠦ᠋ᠯᠦᠭᠡ ᠭᠡᠬᠦ ᠤᠭ ᠰᠠᠨᠠᠭ᠎ᠠ ᠪᠠᠨ ᠪᠠᠷᠢᠮᠳ᠋ᠠᠯᠠᠨ᠂ ᠡᠭᠦᠷᠭᠡ ᠬᠠᠷᠢᠭᠤᠴᠠᠯᠭ᠎ᠠ ᠪᠠᠨ ᠪᠠᠳ᠋ᠤ ᠰᠠᠬᠢᠵᠤ᠂ ᠤᠯᠠᠨ ᠲᠦ᠋ᠮᠡᠨ ᠤ ᠪᠠᠴᠢᠮ ᠲᠤᠯᠭᠠᠮ᠎ᠠ ᠬᠦᠰᠡᠯ ᠡᠷᠡᠮᠡᠯᠵᠡᠯ ᠤᠨ ᠠᠰᠠᠭᠤᠳ᠋ᠠᠯ ᠤᠨ ᠲᠤᠭᠤᠷᠢᠨ ᠳᠤ᠂ ᠢᠯᠡᠭᠦᠦ ᠠᠷᠭ᠎ᠠ ᠠᠪᠴᠠᠯ ᠰᠦ᠋ᠪᠡᠭ᠍ᠴᠢᠯᠡᠨ ᠭᠠᠷᠭᠠᠵᠤ᠂ ᠦᠢᠯᠡᠴᠢᠯᠡᠭᠡ ᠶᠢ ᠰᠠᠢ᠌ᠳ᠋ᠤᠷ ᠬᠢᠨ᠎ᠠ ᠭᠡᠪᠡ᠃
ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠵᠢᠷᠦᠬᠡ ᠪᠠᠯᠭᠠᠰᠤᠨ ᠤ ᠵᠢᠷᠦᠬᠡ ᠲᠤᠰᠬᠤᠨ ᠤ ᠨᠠᠮ ᠤᠨ ᠡᠭᠦᠷ ᠤᠨ ᠱᠦ᠋ᠵᠢ ᠯᠢ ᠰᠢᠶᠤᠤ ᠳ᠋ᠦ᠋ᠩ ᠡᠴᠡ᠂ ᠨᠢᠭᠡᠨ ᠠᠷᠠᠳ ᠤᠨ ᠲᠦ᠋ᠯᠦᠭᠡᠯᠡᠭ᠍ᠴᠢ᠂ ᠦᠨᠳ᠋ᠦᠰᠦᠨ ᠱᠠᠳ᠋ᠤᠨ ᠤ ᠨᠠᠮ ᠤᠨ ᠡᠭᠦᠷ ᠤᠨ ᠱᠦ᠋ᠵᠢ ᠪᠤᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠭᠤᠢ᠌ᠪᠢᠰᠢ ᠦᠭᠡᠶ ᠪᠠᠷᠢᠮᠳ᠋ᠠᠯᠠᠨ᠂ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠠᠷᠠᠳ ᠲᠦ᠋ᠮᠡᠨ ᠤ ᠲᠦ᠋ᠯᠦᠭᠡ ᠬᠦᠴᠦ ᠪᠠᠨ ᠡᠷᠭᠦᠵᠦ᠂ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠢᠳ᠋ᠡᠪᠬᠢᠳ᠋ᠠᠢ ᠭᠦᠢᠴᠡᠳᠭᠡᠨ᠂ ᠬᠦᠭᠦᠷᠭᠡ ᠬᠤᠯᠪᠤᠭᠠᠰᠤ ᠶᠢᠨ ᠦᠢᠯᠡᠳ᠋ᠦᠯ ᠢ ᠰᠠᠢ᠌ᠳ᠋ᠤᠷ ᠪᠠᠳ᠋ᠠᠷᠠᠭᠤᠯᠵᠤ᠂ ᠠᠷᠠᠳ ᠲᠦ᠋ᠮᠡᠨ ᠤ ᠰᠠᠳᠭᠢᠯ ᠤᠨ ᠲᠠᠭᠤᠨ ᠢ ᠢᠯᠡᠳᠭᠡᠨ᠂ ᠠᠷᠠᠳ ᠲᠦ᠋ᠮᠡᠨ ᠤ ᠦᠭᠦᠯᠡᠭ᠍ᠴᠢ ᠪᠠ ᠢᠯᠡᠳᠭᠡᠭ᠍ᠴᠢ ᠪᠤᠯᠤᠨ᠎ᠠ ᠭᠡᠪᠡ᠃
ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠯᠦ᠋ᠪᠸᠢ ᠪᠠᠯᠭᠠᠰᠤᠨ ᠤ ᠡᠷᠡᠬᠦᠯ ᠬᠠᠮᠠᠭᠠᠯᠠᠯ ᠡᠷᠡᠭᠦᠯ ᠮᠡᠨᠳ᠋ᠦ᠂ ᠰᠤᠷᠭᠠᠨ ᠬᠦᠮᠦᠵᠢᠯ ᠤᠨ ᠲᠤᠬᠠᠢ᠌ᠯᠠᠭᠰᠠᠨ ᠠᠵᠢᠯ ᠤᠨ ᠬᠠᠷᠢᠭᠤᠴᠠᠯᠭᠠᠳ᠋ᠠᠨ ᠬᠠᠨ ᠯᠢ ᠡᠴᠡ᠂ ᠨᠢᠭᠡᠨ ᠦᠨᠳ᠋ᠦᠰᠦᠨ ᠱᠠᠳ᠋ᠤᠨ ᠤ ᠡᠷᠡᠭᠦᠯ ᠬᠠᠮᠠᠭᠠᠯᠠᠯ ᠡᠷᠡᠭᠦᠯ ᠮᠡᠨᠳ᠋ᠦ ᠶᠢᠨ ᠠᠵᠢᠯᠯᠠᠭᠴᠢ ᠪᠠ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠤᠮᠳ᠋ᠠ᠂ ᠡᠷᠬᠡᠪᠰᠢ ᠡᠮᠦᠨ᠎ᠠ ᠨᠢ ᠭᠠᠪᠰᠢᠭᠠᠢ᠌ᠯᠠᠵᠤ᠂ ᠦᠷᠭᠡᠨ ᠤᠯᠠᠨ ᠠᠷᠠᠳ ᠲᠦ᠋ᠮᠡᠨ ᠤ ᠦᠨᠳ᠋ᠦᠰᠦᠨ ᠠᠰᠢᠭ ᠲᠤᠰᠠ ᠶᠢᠨ ᠲᠦ᠋ᠯᠦᠭᠡ ᠬᠤᠪᠢ ᠨᠡᠮᠡᠷᠢ ᠪᠠᠨ ᠡᠷᠭᠦᠨ᠎ᠠ ᠭᠡᠪᠡ᠃ (ᠨᠠᠢ᠌ᠷᠠᠭᠤᠯᠤᠭᠴᠢ᠄ ᠯᠸᠢ ᠫᠠᠩ)