ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ᠁
ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠭᠤᠷᠪᠠ)

   ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ 10 ᠰᠠᠷ᠎ᠠ ᠶᠢᠨ 16 ᠤ ᠡᠳ᠋ᠦᠷ ᠤᠨ ᠦᠳ᠋ᠡ ᠶᠢᠨ ᠡᠮᠦᠨ᠎ᠠ ᠠᠷᠠᠳ ᠤᠨ ᠶᠡᠬᠡ ᠬᠤᠷᠠᠯ ᠤᠨ ᠲᠠᠩᠭᠢᠮ ᠳᠤ ᠦᠪᠡᠳ᠋ᠡᠭ᠍ᠰᠢ ᠶᠡᠬᠡᠪᠡᠷ ᠡᠬᠢᠯᠡᠪᠡ᠃ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠸᠯᠸᠢᠰ ᠰᠢᠭᠤᠳ ᠨᠡᠪᠳ᠋ᠡᠷᠡᠭᠦᠯᠭᠡ᠂ ᠰᠦ᠋ᠯᠵᠢᠶᠡᠨ ᠤ ᠲᠠᠪᠴᠠᠩ ᠵᠡᠷᠭᠡ ᠤᠯᠠᠨ ᠵᠦ᠋ᠢᠯ ᠤᠨ ᠵᠠᠭᠤᠴᠢᠯᠠᠭᠤᠷ ᠶᠢᠡᠷ ᠲᠠᠮᠵᠢᠨ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠬᠤᠷᠢᠳ᠋ᠤᠭᠠᠷ ᠤᠳ᠋ᠠᠭᠠᠨ ᠤ ᠪᠦᠬᠦ ᠤᠯᠤᠰ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠭᠤᠳ ᠨᠡᠪᠳ᠋ᠡᠷᠡᠭᠦᠯᠭᠡ ᠶᠢ ᠦᠵᠡᠪᠡ᠃

       
        ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠯᠦ᠋ᠪᠸᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠤᠨ ᠪᠦᠯᠭᠦᠮ ᠤᠨ ᠲᠡᠷᠢᠭᠦᠯᠡᠭ᠍ᠴᠢ ᠠᠨ ᠪᠠᠭᠠᠳ᠋ᠤᠷ ᠡᠴᠡ᠂ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠲᠦ᠋ᠯᠦᠭᠡᠯᠡᠭ᠍ᠴᠢ ᠶᠢᠨ ᠤᠬᠠᠮᠰᠡᠷ ᠢ ᠪᠠᠳ᠋ᠤ ᠪᠤᠢ ᠪᠤᠯᠭᠠᠨ᠂ ᠨᠠᠮ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠳ᠋ᠡᠬᠢ ᠪᠦᠬᠦ ᠲᠠᠯ᠎ᠠ ᠶᠢᠨ ᠤᠳ᠋ᠤᠷᠢᠳ᠋ᠤᠯᠭ᠎ᠠ ᠶᠢ ᠪᠠᠷᠢᠮᠳ᠋ᠠᠯᠠᠵᠤ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠬᠤ ᠶᠠᠪᠤᠳ᠋ᠠᠯ ᠢ ᠤᠳ᠋ᠤᠬᠠᠨ ᠤ ᠪᠠ ᠬᠤᠢ᠌ᠰᠢᠳ᠋ᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠨ᠂ ᠦᠨᠳ᠋ᠦᠰᠦᠨ ᠬᠠᠦᠯᠢ ᠬᠠᠦᠯᠢ ᠴᠠᠭᠠᠵᠠ ᠡᠴᠡ ᠠᠷᠠᠳ ᠤᠨ ᠲᠦ᠋ᠯᠦᠭᠡᠯᠡᠭ᠍ᠴᠢ ᠳᠤ ᠤᠯᠭᠤᠭᠰᠠᠨ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠭᠡᠵᠦ᠂ ᠲᠤᠰᠢᠶᠠᠯ ᠶᠢᠡᠨ ᠭᠦᠢᠴᠡᠳᠭᠡᠬᠦ ᠴᠢᠳ᠋ᠠᠪᠤᠷᠢ ᠪᠠᠨ ᠲᠡᠭᠡᠭ᠍ᠰᠢᠯᠡᠭᠦᠯᠦᠨ᠂ ᠤᠬᠠᠮᠰᠡᠷ ᠡᠴᠡ ᠪᠠᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠪᠦᠬᠦ ᠲᠠᠯ᠎ᠠ ᠳᠤ ᠲᠦ᠋ᠯᠦᠪᠯᠡᠨ ᠪᠤᠳ᠋ᠤᠯᠬᠢᠯᠠᠵᠤ᠂ ᠨᠡᠩ ᠤᠯᠠᠨ ᠬᠠᠨᠳ᠋ᠤᠯᠭᠠᠳ᠋ᠤ ᠴᠢᠨᠠᠷᠳ᠋ᠠᠢ᠂ ᠪᠤᠳ᠋ᠠᠳ᠋ᠤ ᠦᠷ᠎ᠠ ᠪᠦᠳ᠋ᠦᠮᠵᠢᠳ᠋ᠦ ᠴᠢᠬᠤᠯᠠ ᠠᠷᠭ᠎ᠠ ᠠᠪᠴᠠᠯ ᠢ ᠭᠠᠷᠭᠠᠨ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠭᠦᠭ᠍ᠵᠢᠯᠳ᠋ᠡ ᠶᠢ ᠠᠬᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠨ᠎ᠠ ᠭᠡᠵᠠᠢ᠃

        

   ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠵᠠᠷᠤᠳ ᠬᠤᠰᠢᠭᠤᠨ ᠤ ᠴᠢᠶᠠᠨ ᠱᠦ᠋ᠨ ᠰᠢᠨ ᠲᠢᠶᠠᠨ ᠳ᠋ᠢ ᠬᠤᠳ᠋ᠠᠯᠳ᠋ᠤᠭᠠᠨ ᠤ ᠲᠦ᠋ᠪ ᠤᠨ ᠶᠡᠷᠦᠩᠬᠡᠢ ᠲᠠᠭᠠᠭᠠᠮᠠᠯ ᠯᠢ ᠢᠦᠢ ᠯᠢᠶᠠᠩ ᠡᠴᠡ᠂ ᠠᠷᠠᠳ ᠤᠨ ᠲᠦ᠋ᠯᠦᠭᠡᠯᠡᠭ᠍ᠴᠢ ᠪᠠ ᠠᠵᠤ ᠠᠬᠤᠢ᠌ᠯᠠᠯ ᠤᠨ ᠬᠠᠷᠢᠭᠤᠴᠠᠯᠭᠠᠳ᠋ᠠᠨ ᠪᠤᠯᠤᠭᠰᠠᠨ ᠤ ᠬᠤᠪᠢ ᠳᠤ᠂ ᠪᠢ ᠶᠡᠬᠡᠳ᠋ᠡ ᠵᠤᠷᠢᠭᠵᠢᠨ᠂ ᠪᠦᠬᠦ ᠬᠦᠴᠦ ᠪᠠᠷ ᠶᠢᠡᠨ ᠠᠵᠤ ᠠᠬᠤᠢ᠌ᠯᠠᠯ ᠶᠢᠡᠨ ᠲᠠᠭᠠᠭᠤᠯᠤᠨ ᠴᠦ᠋ᠬᠦᠷᠡᠰᠢ ᠦᠭᠡᠶ ᠤᠷᠤᠭᠰᠢᠯᠠᠵᠤ᠂ ᠤᠯᠠᠨ ᠲᠦ᠋ᠮᠡᠨ ᠤ ᠰᠠᠢ᠌ᠨ ᠰᠠᠢ᠌ᠬᠠᠨ ᠠᠮᠢᠳ᠋ᠤᠷᠠᠯ ᠤᠨ ᠲᠦ᠋ᠯᠦᠭᠡ ᠴᠦ᠋ᠬᠦᠷᠡᠰᠢ ᠦᠭᠡᠶ ᠴᠢᠷᠮᠠᠢ᠌ᠨ᠂ ᠰᠢᠯᠢᠳ᠋ᠡᠭ᠌ ᠦᠢᠯᠡᠴᠢᠯᠡᠭᠡ ᠬᠠᠩᠭ᠋ᠠᠨ᠎ᠠ ᠭᠡᠪᠡ᠃

        
        ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠭᠠᠬᠠᠢ᠌ᠳ᠋ᠤ ᠪᠠᠯᠭᠠᠰᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠭᠠᠬᠠᠢ᠌ᠳ᠋ᠤ ᠪᠠᠯᠭᠠᠰᠤᠨ ᠤ ᠲᠠᠯᠠᠪᠤᠯᠠᠭ ᠭᠠᠴᠠᠭᠠᠨ ᠤ ᠨᠠᠮ ᠤᠨ ᠡᠭᠦᠷ ᠤᠨ ᠱᠦ᠋ᠵᠢ ᠰᠢ ᠪᠠᠳ᠋ᠤ ᠡᠴᠡ᠂ ᠪᠢ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠂ ᠭᠠᠴᠠᠭᠠᠨ ᠤ ᠨᠠᠮ ᠤᠨ ᠡᠭᠦᠷ ᠤᠨ ᠱᠦ᠋ᠵᠢ ᠪᠤᠯᠤᠭᠰᠠᠨ ᠤ ᠬᠤᠪᠢ ᠳᠤ᠂ ᠬᠤᠢ᠌ᠰᠢᠳ᠋ᠠ ᠶᠢᠨ ᠠᠵᠢᠯ ᠪᠠ ᠠᠮᠢᠳ᠋ᠤᠷᠠᠯ ᠲᠤᠮᠳ᠋ᠠ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠩ ᠤᠷᠭᠢᠯᠤᠮ᠎ᠠ ᠬᠠᠯᠠᠭᠤᠨ ᠰᠡᠳᠭᠢᠯᠭᠡ ᠪᠠ ᠡᠷᠴᠢ ᠵᠤᠷᠢᠭ ᠶᠢᠡᠷ᠂ ᠤᠯᠠᠨ ᠲᠦ᠋ᠮᠡᠨ ᠤ ᠤᠬᠠᠭᠤᠯᠤᠭᠴᠢ ᠶᠢ ᠦᠷᠭᠦᠯᠵᠢᠯᠡᠨ ᠰᠠᠢ᠌ᠨ ᠬᠢᠵᠦ᠂ ᠬᠠᠷᠢᠭᠤᠴᠠᠯᠭ᠎ᠠ ᠶᠢ ᠡᠭᠦᠷᠭᠡᠯᠡᠨ᠂ ᠡᠭᠡᠯ ᠵᠢᠷ ᠤᠨ ᠠᠵᠢᠯ ᠤᠨ ᠪᠠᠢ᠌ᠷᠢ ᠲᠡᠭᠡᠷ᠎ᠠ ᠰᠢᠷᠭᠠᠭᠤ ᠬᠠᠳ᠋ᠠᠭᠤᠵᠢᠯᠳ᠋ᠠᠢ ᠠᠵᠢᠯᠯᠡᠵᠤ᠂ ᠭᠠᠵᠠᠷ ᠤᠷᠤᠨ ᠤ ᠪᠠᠨ ᠪᠦᠳ᠋ᠦᠭᠡᠨ ᠪᠠᠢ᠌ᠭᠤᠯᠤᠯᠳ᠋ᠠ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠨ᠂ ᠭᠠᠴᠠᠭᠠᠨ ᠤ ᠠᠷᠠᠳ ᠶᠢᠡᠨ ᠲᠠᠭᠠᠭᠤᠯᠤᠨ ᠵᠤᠯ ᠵᠢᠷᠭᠠᠯ ᠢ ᠬᠠᠮᠳ᠋ᠤᠪᠠᠷ ᠡᠭᠦᠳ᠋ᠦᠨ᠎ᠠ ᠭᠡᠪᠡ᠃ (ᠨᠠᠢ᠌ᠷᠠᠭᠤᠯᠤᠭᠴᠢ᠄ ᠯᠸᠢ ᠫᠠᠩ)


ᠡᠮᠦᠨᠡᠬᠢ᠄ ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠲᠦᠷᠪᠡ)
ᠳᠠᠷᠠᠭᠠᠬᠢ᠄ ᠠᠷᠠᠳ ᠤᠨ ᠲᠦ᠋ᠯᠦᠭᠡᠯᠡᠭ᠍ᠴᠢ ᠧᠦ ᠰᠢ ᠬᠤᠸᠠ ᠲᠠᠷᠢᠶᠠᠴᠢᠳ ᠲᠤ ᠪᠤᠳ᠋ᠠᠳ᠋ᠤ ᠶᠠᠪᠤᠳ᠋ᠠᠯ ᠬᠢᠵᠦ ᠤᠯᠠᠨ ᠲᠦ᠋ᠮᠡᠨ ᠤ ᠰᠡᠳᠭᠢᠯ ᠤᠨ ᠲᠤᠳ᠋ᠤᠨᠤᠰᠤᠭ ᠬᠦᠮᠦᠨ ᠪᠤᠯᠵᠤ ᠪᠠᠢ᠌ᠭ᠎ᠠ