ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠠᠷᠠᠳ ᠤᠨ ᠲᠦ᠋ᠯᠦᠭᠡᠯᠡᠭ᠍ᠴᠢ ᠧᠦ ᠰᠢ ᠬᠤᠸᠠ᠁
ᠠᠷᠠᠳ ᠤᠨ ᠲᠦ᠋ᠯᠦᠭᠡᠯᠡᠭ᠍ᠴᠢ ᠧᠦ ᠰᠢ ᠬᠤᠸᠠ ᠲᠠᠷᠢᠶᠠᠴᠢᠳ ᠲᠤ ᠪᠤᠳ᠋ᠠᠳ᠋ᠤ ᠶᠠᠪᠤᠳ᠋ᠠᠯ ᠬᠢᠵᠦ ᠤᠯᠠᠨ ᠲᠦ᠋ᠮᠡᠨ ᠤ ᠰᠡᠳᠭᠢᠯ ᠤᠨ ᠲᠤᠳ᠋ᠤᠨᠤᠰᠤᠭ ᠬᠦᠮᠦᠨ ᠪᠤᠯᠵᠤ ᠪᠠᠢ᠌ᠭ᠎ᠠ

         

ᠧᠦ ᠰᠢ ᠬᠤᠸᠠ ᠪᠤᠯ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠰᠢᠶᠠᠩᠱᠠᠨ ᠪᠠᠯᠭᠠᠰᠤᠨ  ᠤ ᠠᠷᠪᠠᠨ ᠲᠠᠪᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠳ᠋ᠠ ᠯᠢᠦ ᠱᠤ ᠲᠤᠰᠬᠤᠨ ᠤ ᠡᠮᠴᠢ ᠶᠤᠮ᠃ ᠠᠷᠠᠳ ᠤᠨ ᠲᠦ᠋ᠯᠦᠭᠡᠯᠡᠭ᠍ᠴᠢ ᠪᠠᠷ ᠰᠤᠩᠭ᠋ᠤᠭᠳ᠋ᠠᠭᠰᠠᠨ ᠡᠴᠡ ᠨᠠᠭᠠᠰᠢ᠂ ᠲᠡᠷᠡ ᠡᠭᠦᠷᠢᠳ᠋ᠡ 《ᠠᠷᠠᠳ ᠤᠨ ᠲᠦ᠋ᠯᠦᠭᠡᠯᠡᠭ᠍ᠴᠢ ᠠᠷᠠᠳ ᠤᠨ ᠲᠦ᠋ᠯᠦᠭᠡ ᠪᠠᠢ᠌ᠬᠤ》 ᠭᠡᠬᠦ ᠠᠮᠠᠯᠠᠯᠳ᠋ᠠ ᠪᠠᠨ ᠪᠠᠳ᠋ᠤ ᠰᠠᠬᠢᠨ᠂ ᠠᠷᠠᠳ ᠤᠨ ᠲᠦ᠋ᠯᠦᠭᠡᠯᠡᠭ᠍ᠴᠢ ᠶᠢᠨ ᠬᠦᠭᠦᠷᠭᠡ ᠬᠤᠯᠪᠤᠭᠠᠰᠤ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠠᠷᠠᠳ ᠤᠨ ᠲᠦ᠋ᠯᠦᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠨ᠂ ᠰᠤᠩᠭ᠋ᠤᠭᠤᠯᠢ ᠶᠢᠨ ᠠᠷᠠᠳ ᠲᠡᠶ ᠨᠢᠭᠳ᠋ᠠ ᠬᠠᠷᠢᠯᠴᠠᠵᠤ᠂ ᠦᠨᠡᠨ ᠰᠡᠳᠭᠢᠯ ᠡᠴᠡ ᠪᠠᠨ ᠠᠷᠠᠳ ᠲᠦ᠋ᠮᠡᠨ ᠳᠤ ᠵᠤᠯ ᠵᠢᠷᠭᠠᠯ ᠡᠳ᠋ᠯᠡᠭᠦᠯᠵᠦ᠂ ᠬᠦᠴᠢᠷ ᠠᠰᠠᠭᠤᠳ᠋ᠠᠯ ᠢ ᠰᠢ᠌ᠳᠪᠦᠷᠢᠯᠡᠵᠦ ᠦᠭ᠍ᠴᠦ ᠪᠠᠢ᠌ᠨ᠎ᠠ᠃ 

           


         
        ᠡᠨᠡᠷᠢᠩᠭᠦᠢ ᠰᠡᠳᠬᠢᠯ ᠡᠪᠦᠷᠯᠡᠨ᠂ ᠤᠯᠠᠨ ᠲᠦ᠋ᠮᠡᠨ ᠳᠤ ᠬᠠᠢ᠌ᠷ᠎ᠠ ᠬᠠᠨᠳ᠋ᠢᠪ ᠨᠡᠮᠡᠷᠢᠯᠡᠬᠦ ᠨᠢ ᠧᠦ ᠰᠢ ᠬᠤᠸᠠ ᠶᠢᠨ ᠬᠦᠮᠦᠨ ᠪᠤᠯᠬᠤ ᠶᠢᠨ ᠦᠨᠳ᠋ᠦᠰᠦ ᠪᠠᠢ᠌ᠨ᠎ᠠ᠃ ᠤᠯᠠᠨ ᠵᠢᠯ ᠤᠨ ᠲᠤᠷᠰᠢ᠂ ᠲᠡᠷᠡ ᠤᠷᠢᠳ ᠬᠤᠵᠢᠳ ᠦᠨᠦᠴᠢᠨ ᠪᠡᠯᠪᠡᠰᠦᠨ ᠨᠠᠰᠤᠳ᠋ᠠᠨ᠂ ᠠᠮᠢᠳ᠋ᠤᠷᠠᠯ ᠨᠢ ᠬᠦᠴᠢᠷᠳ᠋ᠡᠯᠳ᠋ᠠᠢ ᠡᠷᠦᠬᠡ᠂ ᠨᠦ᠋ᠭ᠍ᠴᠢᠭ᠍ᠰᠡᠨ ᠴᠡᠷᠢᠭ᠌ ᠤᠨ ᠭᠡᠷ ᠪᠦᠯᠢ ᠶᠢᠨ ᠬᠢᠨ ᠤ ᠡᠮ ᠡᠮᠨᠡᠯᠭᠡ ᠶᠢᠨ ᠰᠦ᠋ᠢᠳᠭᠡᠯ ᠢ ᠪᠠᠷᠤᠭ ᠲᠦ᠋ᠮᠡᠨ ᠲᠦ᠋ᠭᠦᠷᠢᠭ᠌ ᠤᠷᠴᠢᠮ ᠬᠠᠰᠤᠵᠤ ᠬᠡᠯᠳ᠋ᠦᠷᠢᠭᠦᠯᠦᠨ᠂ ᠦᠷᠢ ᠦᠭ᠍ᠴᠡᠭᠡ ᠶᠢᠨ ᠬᠠᠭᠤᠳ᠋ᠠᠰᠤ ᠪᠠᠰᠠ ᠲᠦ᠋ᠷᠪᠡᠨ ᠲᠦ᠋ᠮᠡ ᠭᠠᠷᠤᠢ ᠲᠦ᠋ᠭᠦᠷᠢᠭ᠌ ᠠᠪᠳ᠋ᠠᠷ᠎ᠠ ᠶᠢᠨ ᠢᠷᠤᠭᠠᠷ ᠲᠤ ᠤᠳ᠋ᠠᠭᠠᠨ ᠬᠤᠭᠤᠴᠠᠭ᠎ᠠ ᠬᠠᠳ᠋ᠠᠭᠠᠯᠠᠵᠤ ᠲᠠᠷᠤᠭᠳ᠋ᠠᠵᠤ ᠪᠠᠢ᠌ᠭᠰᠠᠨ ᠪᠤᠯᠪᠠᠴᠦ᠂ ᠲᠡᠷᠡ ᠨᠢᠭᠡ ᠤᠳ᠋ᠠᠭ᠎ᠠ ᠴᠦ ᠡᠷᠦᠭᠡ ᠳᠤ ᠤᠷᠤᠵᠤ ᠨᠡᠬᠡᠵᠦ ᠠᠪᠤᠭ᠎ᠠ ᠦᠭᠡᠶ ᠪᠦᠭᠡᠳ ᠦᠷᠢ ᠶᠢᠨ ᠬᠠᠭᠤᠳ᠋ᠠᠰᠤ ᠨᠢ ᠬᠠᠷᠢᠨ ᠡᠳ᠋ᠦᠷ ᠪᠦᠷᠢ ᠨᠡᠮᠡᠭ᠍ᠳ᠋ᠡᠵᠦ ᠪᠠᠢ᠌ᠯ᠎ᠠ᠃ ᠲᠤᠰᠬᠤᠨ ᠤ ᠤᠯᠠᠨ ᠲᠦ᠋ᠮᠡᠨ ᠧᠦ ᠰᠢ ᠬᠤᠸᠠ ᠶᠢ《ᠨᠠᠰᠤ ᠪᠠᠭ᠎ᠠ ᠪᠤᠯᠪᠠᠴᠦ ᠮᠡᠳ᠋ᠡᠯᠭᠡ ᠦᠨᠳ᠋ᠦᠷ᠂ ᠲᠤᠳ᠋ᠤᠨᠤ ᠬᠦᠮᠦᠨ ᠪᠢᠰᠢ ᠪᠤᠯᠪᠠᠴᠦ ᠲᠤᠳ᠋ᠤᠨᠤ ᠬᠦᠮᠦᠨ ᠡᠴᠡ ᠲᠳ᠋ᠤᠨᠤᠰᠤᠭ》ᠰᠠᠢ᠌ᠨ ᠲᠦ᠋ᠯᠦᠭᠡᠯᠡᠭ᠍ᠴᠢ ᠭᠡᠵᠦ ᠮᠠᠭᠳ᠋ᠠᠳ᠋ᠠᠭ ᠪᠠᠢ᠌ᠪᠠ᠃

        
        ᠰᠢᠨ᠎ᠠ ᠲᠢᠳ᠋ᠢᠮᠯᠢᠭ᠌ ᠠᠭᠤᠰᠭᠢᠨ ᠦᠷᠪᠢᠰᠦᠯ ᠤᠨ ᠬᠢᠵᠢᠭ᠌ ᠤᠨ ᠪᠠᠢ᠌ᠳ᠋ᠠᠯ ᠡᠭᠦᠰᠦᠭ᠍ᠰᠡᠨ ᠡᠴᠡ ᠨᠠᠭᠠᠰᠢ᠂ ᠧᠦ ᠰᠢ ᠬᠤᠸᠠ ᠲᠤᠰ ᠤᠳ᠋ᠠᠭᠠᠨ ᠤ ᠬᠢᠵᠢᠭ᠌ ᠤᠨ ᠪᠠᠢ᠌ᠳ᠋ᠠᠯ ᠤᠨ ᠬᠦᠨᠳ᠋ᠦ ᠨᠤᠴᠢᠳ᠋ᠠᠢ ᠴᠢᠨᠠᠷ ᠢ ᠲᠠᠨᠢᠵᠤ᠂ ᠰᠠᠨᠠᠭᠠᠴᠢᠯᠠᠭ᠎ᠠ ᠡᠴᠡ ᠪᠠᠨ ᠭᠤᠶᠤᠴᠢᠯᠡᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠭᠦᠨᠵᠡᠭᠡᠢ᠌ᠷᠡᠵᠦ᠂ ᠰᠠᠨᠠᠭᠠᠴᠢᠯᠠᠭ᠎ᠠ ᠡᠴᠡ ᠪᠠᠨ ᠲᠦ᠋ᠷᠦᠭᠦᠯᠡᠨ ᠪᠤᠭᠤᠮᠳ᠋ᠠ ᠰᠠᠬᠢᠵᠤ᠂ ᠬᠢᠵᠢᠭ᠌ ᠤᠨ ᠪᠠᠢ᠌ᠳ᠋ᠠᠯ ᠢ ᠵᠢᠭᠰᠠᠭᠠᠨ ᠪᠠᠢ᠌ᠴᠠᠭᠠᠬᠤ᠂ ᠲᠦ᠋ᠷᠦ ᠶᠢᠨ ᠪᠤᠳ᠋ᠤᠯᠭ᠎ᠠ ᠶᠢ ᠤᠬᠠᠭᠤᠯᠬᠤ᠂ ᠮᠡᠳ᠋ᠡᠭᠡ ᠵᠠᠩᠭᠢ ᠶᠢ ᠲᠠᠩᠰᠠᠯᠠᠨ ᠲᠡᠮᠳ᠋ᠡᠭᠯᠡᠬᠦ ᠵᠡᠷᠭᠡ ᠠᠵᠢᠯ ᠢ ᠰᠠᠢ᠌ᠳ᠋ᠤᠷ ᠬᠢᠪᠡ᠃ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠮᠤᠭ ᠰᠢᠨ᠎ᠠ ᠪᠠᠢ᠌ᠳ᠋ᠠᠯ ᠢ ᠠᠷᠠᠳ ᠲᠦ᠋ᠮᠡᠨ ᠳᠤ ᠨᠡᠩ ᠰᠠᠢ᠌ᠳ᠋ᠤᠷ ᠤᠢ᠌ᠯᠠᠭᠠᠭᠤᠯᠬᠤ ᠶᠢᠨ ᠲᠦ᠋ᠯᠦᠭᠡ᠂ ᠧᠦ ᠰᠢ ᠬᠤᠸᠠ ᠦᠷᠬᠦᠯᠵᠢ ᠰᠠᠭᠤᠭᠠᠯᠢ ᠠᠷᠠᠳ ᠤᠨ ᠭᠡᠷ ᠲᠤ ᠤᠷᠤᠵᠤ ᠤᠯᠠᠨ ᠲᠦ᠋ᠮᠡᠨ ᠤ ᠬᠦᠰᠡᠯ ᠱᠠᠭᠠᠷᠳ᠋ᠠᠯᠭ᠎ᠠ ᠶᠢ ᠰᠤᠨᠤᠰᠤᠨ᠂ ᠰᠢᠨᠵᠢᠯᠡᠬᠦ ᠤᠬᠠᠭᠠᠨᠴᠢ ᠪᠠᠷ ᠬᠢᠵᠢᠭ᠌ ᠤᠨ ᠪᠠᠢ᠌ᠳ᠋ᠠᠯ ᠢ  ᠰᠡᠷᠭᠡᠢ᠌ᠯᠡᠨ ᠡᠵᠡᠮᠳ᠋ᠡᠬᠦ ᠮᠡᠳ᠋ᠡᠯᠭᠡ ᠶᠢ ᠨᠠᠷᠢᠨ ᠬᠢᠨᠠᠮᠠᠭᠠᠢ ᠲᠠᠢ᠌ᠯᠪᠤᠷᠢᠯᠡᠨ ᠦᠭ᠍ᠴᠦ᠂ ᠰᠠᠭᠤᠭᠠᠯᠢ ᠠᠷᠠᠳ ᠤᠨ ᠬᠦᠴᠢᠷ ᠵᠤᠪᠠᠭᠤᠷᠢ ᠶᠢ ᠠᠷᠢᠯᠭᠠᠨ᠂ ᠤᠷᠮ᠎ᠠ ᠰᠡᠳᠭᠢᠯᠭᠡ ᠶᠢ ᠨᠢ ᠰᠢᠯᠤᠭᠤᠳᠬᠠᠳ᠋ᠠᠭ᠃《ᠡᠳ᠋ᠦᠷ ᠰᠦ᠋ᠨᠢ ᠭᠡᠰᠡᠨ ᠦᠭᠡᠶ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠬᠡᠷᠡᠭ᠍ᠴᠡᠭᠡ ᠲᠡᠶ ᠯᠠ ᠪᠤᠯ᠂ ᠪᠢ ᠡᠷᠬᠡᠪᠰᠢ ᠠᠮᠢ ᠪᠡᠶ᠎ᠠ ᠪᠠᠨ ᠬᠠᠢ᠌ᠷᠠᠯᠠᠯ ᠦᠭᠡᠶ ᠪᠠᠷ ᠡᠮᠦᠨ᠎ᠠ ᠨᠢ ᠭᠠᠪᠰᠢᠭᠠᠢ᠌ᠯᠠᠬᠤ ᠬᠡᠷᠡᠭ᠍ᠳ᠋ᠠᠢ᠂ ᠤᠴᠢᠷ ᠨᠢ ᠡᠨᠡ ᠪᠤᠯ ᠮᠢᠨᠦ ᠨᠢᠭᠡᠨ ᠲᠤᠰᠬᠤᠨ ᠤ ᠡᠮᠴᠢ ᠪᠤᠯᠤᠭᠰᠠᠨ ᠬᠠᠷᠢᠭᠤᠴᠠᠯᠭ᠎ᠠ᠂ ᠮᠦ᠋ᠨ ᠴᠦ ᠰᠠᠢ᠌ᠨ ᠠᠷᠠᠳ ᠤᠨ ᠲᠦ᠋ᠯᠦᠭᠡᠯᠡᠭ᠍ᠴᠢ ᠪᠤᠯᠬᠤ  ᠶᠢᠨ ᠡᠭᠦᠷᠭᠡ ᠬᠠᠷᠢᠭᠤᠴᠠᠯᠭ᠎ᠠ ᠮᠦ᠋ᠨ》ᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠤᠭ ᠰᠠᠨᠠᠭ᠎ᠠ ᠪᠠᠨ ᠦᠯᠦ ᠮᠠᠷᠳ᠋ᠠᠨ ᠨᠠᠮ ᠶᠢᠡᠨ ᠲᠠᠭᠠᠵᠤ ᠡᠷᠡᠮᠡᠭᠡᠢ᠌ᠯᠡᠨ ᠤᠷᠤᠭᠰᠢᠯᠠᠬᠤ ᠰᠢᠨ᠎ᠠ ᠠᠶᠠᠨ ᠳᠤ ᠵᠠᠷᠤᠳ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠳᠤ ᠬᠦᠰᠡᠯ ᠨᠠᠢ᠌ᠳ᠋ᠠᠯᠭ᠎ᠠ ᠲᠠᠯᠪᠢᠪᠠ (ᠭᠤᠷᠪᠠ)
ᠳᠠᠷᠠᠭᠠᠬᠢ᠄ ᠯᠦ᠋ᠪᠸᠢ ᠵᠡᠭᠡᠯᠢ ᠭᠤᠳ᠋ᠤᠮᠵᠢ 2022 ᠣᠨ ᠤ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠤᠨ ᠮᠡᠳ᠋ᠡᠭᠦᠯᠦᠯᠳ᠋ᠡ ᠳ᠋ᠦ ᠦᠨᠡᠯᠡᠯᠳ᠋ᠡ ᠥᠭ᠍ᠪᠡ