ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ

10 ᠰᠠᠷ᠎ᠠ ᠶᠢᠨ 20 ᠤ ᠡᠳ᠋ᠦᠷ ᠡᠴᠡ 10 ᠰᠠᠷ᠎ᠠ ᠶᠢᠨ 26 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠦ᠋ᠨ ᠡᠾᠦ᠋ᠢ ᠬᠤᠰᠢᠭᠤᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢ ᠪᠠᠷ ᠪᠦᠷᠢᠯᠳ᠋ᠦᠭ᠍ᠰᠡᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ᠂ ᠪᠦᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠭᠠᠬᠠᠢ᠌ᠳ᠋ᠤ ᠪᠠᠯᠭᠠᠰᠤ᠂ ᠴᠢᠨᠳ᠋ᠠᠮᠤᠨᠢ ᠰᠤᠮᠤ᠂ ᠬᠤᠩᠬᠠᠳ᠋ᠤ ᠪᠠᠯᠭᠠᠰᠤ᠂ ᠦᠨᠡᠭᠡᠴᠢ ᠰᠤᠮᠤ᠂ ᠯᠦ᠋ᠪᠸᠢ ᠪᠠᠯᠭᠠᠰᠤ᠂ ᠪᠠᠶᠠᠨᠳ᠋ᠠᠯ᠎ᠠ ᠨᠠᠰᠤᠳ᠋ᠠᠨ ᠤ ᠬᠦᠷᠢᠶᠡᠯᠡᠩ᠂ ᠪᠠᠶᠠᠷᠳ᠋ᠤᠬᠤᠰᠢᠭᠤ ᠨᠠᠰᠤᠳ᠋ᠠᠨ ᠤ ᠬᠦᠷᠶᠡᠯᠡᠩ᠂ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦ᠋ᠪ (ᠨᠡᠢ᠌ᠭᠡᠮ ᠤᠨ ᠠᠰᠠᠷᠠᠮᠵᠢ ᠶᠢᠨ ᠠᠵᠢᠯ ᠦᠢᠯᠡᠰ ᠤᠨ ᠲᠦ᠋ᠪ)᠂ ᠠᠰᠢᠳ᠋ᠠᠢ ᠨᠠᠰᠤᠳ᠋ᠠᠨ ᠤ ᠬᠦᠷᠢᠶᠡᠯᠡᠩ ᠪᠤᠯᠤᠨ ᠠᠷᠠᠳ ᠡᠴᠡ ᠡᠷᠬᠢᠯᠡᠭ᠍ᠰᠡᠨ ᠨᠠᠰᠤᠵᠢᠯ ᠤᠨ ᠠᠰᠠᠷᠠᠮᠵᠢ ᠶᠢᠨ ᠪᠠᠢ᠌ᠭᠤᠯᠤᠮᠵᠢ ᠰᠢ ᠶᠠᠩ ᠬᠤᠩ ᠨᠠᠰᠤᠳ᠋ᠠᠨ ᠢ ᠠᠰᠠᠷᠠᠬᠤ ᠬᠦᠷᠢᠶᠡᠯᠡᠩ᠂ ᠴᠠᠩ ᠯᠸ ᠨᠠᠰᠤᠳ᠋ᠠᠢ᠌ᠴᠤᠳ ᠤᠨ ᠨᠡᠢ᠌ᠳ᠋ᠡ ᠶᠢᠨ ᠪᠠᠢ᠌ᠷᠢ᠂ ᠰᠢ ᠶᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠢ᠌ᠭᠤᠯᠤᠮᠵᠢ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠮᠠᠲ᠋ᠸᠷᠢᠶᠠᠯ ᠪᠠᠢ᠌ᠴᠠᠭᠠᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠰᠠᠨᠠᠯ ᠶᠢᠡᠨ ᠰᠤᠯᠢᠯᠴᠠᠬᠤ ᠵᠡᠷᠭᠡ ᠬᠡᠯᠪᠡᠷᠢ ᠪᠠᠷ ᠲᠠᠮᠵᠢᠨ᠂《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶ᠎ᠠ᠂ ᠲᠦ᠋ᠷᠦ ᠶᠢᠨ ᠶᠠᠪᠤᠳ᠋ᠠᠯ ᠤᠨ ᠬᠤᠷᠢᠶᠠᠨ ᠤ ᠰᠢᠨ᠎ᠠ ᠴᠠᠭ ᠦᠶ᠎ᠠ ᠶᠢᠨ ᠦᠳ᠋ᠡᠯᠦᠭᠡ ᠨᠠᠰᠤᠨ ᠤ ᠠᠵᠢᠯ ᠤᠨ ᠲᠤᠬᠠᠢ ᠰᠠᠨᠠᠯ》ᠪᠠ《〈ᠠᠷᠪᠠᠨ ᠲᠦ᠋ᠷᠪᠡᠳ᠋ᠦᠭᠡᠷ ᠲᠠᠪᠤᠨ ᠵᠢᠯ ᠤᠨ ᠲᠦ᠋ᠯᠦᠪᠵᠢᠭᠦᠯᠭᠡ〉 ᠤᠨ ᠬᠤᠭᠤᠴᠠᠭᠠᠨ ᠳ᠋ᠡᠬᠢ ᠤᠯᠤᠰ ᠤᠨ ᠦᠳ᠋ᠡᠯᠦᠭᠡ ᠨᠠᠰᠤᠨ ᠤ ᠠᠵᠢᠯ ᠦᠢᠯᠡᠰ ᠤᠨ ᠬᠦᠭ᠍ᠵᠢᠯᠳ᠋ᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠸᠮ ᠤᠨ ᠲᠦ᠋ᠯᠦᠪᠵᠢᠭᠦᠯᠭᠡ》ᠵᠡᠷᠭᠡ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ᠂ ᠤᠯᠤᠰ ᠡᠴᠡ ᠡᠷᠬᠢᠯᠡᠭ᠍ᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠢ᠌ᠭᠤᠯᠤᠮᠵᠢ ᠶᠢᠨ ᠡᠷᠬᠢᠯᠠᠵᠤ ᠪᠠᠢ᠌ᠭ᠎ᠠ ᠪᠠᠢ᠌ᠳ᠋ᠠᠯ᠂ ᠡᠮᠨᠡᠯᠭᠡ ᠠᠰᠠᠷᠠᠮᠵᠢ ᠤᠶᠠᠯᠳ᠋ᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠸᠮ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ᠂ ᠨᠡᠢ᠌ᠭᠡᠮ ᠲᠤᠭᠤᠷᠢᠭ ᠤᠨ ᠭᠡᠷ ᠲᠡᠭᠡᠨ ᠰᠠᠭᠤᠭ᠎ᠠ ᠨᠠᠰᠤᠵᠢᠯ ᠤᠨ ᠠᠰᠠᠷᠠᠮᠵᠢ ᠶᠢᠨ ᠪᠠᠢ᠌ᠳ᠋ᠠᠯ᠂ ᠦᠨᠳ᠋ᠦᠷ ᠨᠠᠰᠤᠨ ᠤ ᠨᠡᠮᠡᠭᠦᠷᠢ ᠲᠠᠷᠬᠠᠭᠠᠵᠤ ᠪᠠᠢ᠌ᠭ᠎ᠠ ᠪᠠᠢ᠌ᠳ᠋ᠠᠯ᠂ ᠭᠤᠤᠨᠢ ᠭᠠᠭᠴᠠᠭᠠᠷ ᠰᠠᠭᠤᠭ᠎ᠠ᠂ ᠭᠡᠷ ᠶᠢᠡᠨ ᠰᠠᠬᠢᠭᠰᠠᠨ᠂ ᠴᠢᠳ᠋ᠠᠪᠤᠷᠢ ᠪᠠᠨ ᠠᠯᠳ᠋ᠠᠭᠰᠠᠨ ᠵᠡᠷᠭᠡ ᠨᠠᠰᠤᠳ᠋ᠠᠢ᠌ᠴᠤᠳ ᠲᠤ ᠬᠠᠪᠰᠤᠷᠤᠯᠭ᠎ᠠ ᠲᠤᠰᠠᠯᠠᠮᠵᠢ ᠦᠵᠡᠭᠦᠯᠦᠭ᠍ᠰᠡᠨ ᠵᠡᠷᠭᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠤᠳ᠋ᠤᠬᠠᠨ ᠤ ᠪᠠᠢ᠌ᠳ᠋ᠠᠯ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠤᠮᠳ᠋ᠠ ᠤᠷᠤᠰᠢᠵᠤ ᠪᠠᠢ᠌ᠬᠤ ᠠᠰᠠᠭᠤᠳ᠋ᠠᠯ ᠪᠠ ᠭᠤᠤᠯᠳ᠋ᠠᠯᠭ᠎ᠠ᠂ ᠬᠦᠴᠢᠷᠳ᠋ᠡᠯᠭᠡ ᠶᠢᠨ ᠪᠠᠢ᠌ᠳ᠋ᠠᠯ ᠳᠤ ᠨᠠᠷᠢᠨ ᠬᠢᠨᠠᠮᠠᠭᠠᠢ ᠪᠠᠢ᠌ᠴᠠᠭᠠᠨ ᠰᠤᠳ᠋ᠤᠯᠵᠤ ᠤᠢ᠌ᠯᠠᠭᠠᠬᠤ ᠶᠢᠨ ᠬᠠᠮᠳ᠋ᠤ ᠪᠦᠳ᠋ᠦᠭᠡᠨ ᠪᠠᠢ᠌ᠭᠤᠯᠤᠯᠳ᠋ᠠ ᠶᠢᠨ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃ (ᠨᠠᠢ᠌ᠷᠠᠭᠤᠯᠤᠭᠴᠢ᠄ ᠯᠸᠢ ᠫᠠᠩ)