ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠪᠠ


10 ᠰᠠᠷ᠎ᠠ ᠶᠢᠨ 28 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠵᠤ᠂ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠪᠡ᠃
ᠯᠢ ᠴᠸᠩ ᠭᠦᠸᠸ ᠡᠴᠡ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ 《ᠬᠤᠶᠠᠷ ᠢ ᠲᠣᠭᠳ᠋ᠠᠭᠠᠬᠤ》 ᠶᠢ ᠡᠷᠡᠰ ᠬᠠᠮᠠᠭᠠᠯᠠᠵᠤ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠦᠨ᠂ 《ᠲᠦ᠋ᠷᠪᠡᠨ ᠤᠬᠠᠮᠰᠡᠷ》 ᠢ ᠦᠨᠡᠨ ᠪᠠᠳ᠋ᠤᠳ᠋ᠠᠢ ᠴᠢᠩᠭ᠋ᠠᠳᠬᠠᠵᠤ᠂ 《ᠲᠦ᠋ᠷᠪᠡᠨ ᠢᠳ᠋ᠡᠭᠡᠯ》 ᠢ ᠪᠠᠳ᠋ᠤᠳᠬᠠᠨ᠂ ᠤᠯᠤᠰ ᠲᠦ᠋ᠷᠦ ᠶᠢᠨ ᠮᠠᠭᠠᠳᠯᠠᠬᠤ ᠴᠢᠳ᠋ᠠᠪᠦᠷᠢ᠂ ᠤᠯᠤᠰ ᠲᠦ᠋ᠷᠦ ᠶᠢᠨ ᠤᠢ᠌ᠯᠠᠭᠠᠬᠤ ᠴᠢᠳ᠋ᠠᠪᠦᠷᠢ᠂ ᠤᠯᠤᠰ ᠲᠦ᠋ᠷᠦ ᠶᠢᠨ ᠭᠦᠢᠴᠡᠳᠭᠡᠬᠦ ᠴᠢᠳ᠋ᠠᠪᠤᠷᠢ ᠪᠠᠨ ᠲᠠᠰᠤᠷᠠᠯᠳ᠋ᠠ ᠦᠭᠡᠶ ᠲᠡᠭᠡᠭ᠍ᠰᠢᠯᠡᠭᠦᠯᠵᠦ᠂ ᠠᠯᠬᠤᠮ ᠨᠢᠭᠡᠳ᠋ᠠᠢ ᠤᠷᠤᠭᠰᠢᠯᠠᠬᠤ ᠬᠡᠷᠡᠭ᠍ᠳ᠋ᠠᠢ᠃ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠢ᠌ᠯᠠᠭᠠᠬᠤ ᠶᠢ ᠤᠳ᠋ᠤᠬᠠᠨ ᠤ ᠪᠠ ᠬᠤᠢ᠌ᠰᠢᠳ᠋ᠠ ᠶᠢᠨ ᠨᠢᠭᠡ ᠬᠡᠰᠡᠭ᠌ ᠬᠤᠭᠤᠴᠠᠭᠠᠨ ᠤ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠵᠤ᠂ ᠨᠠᠮ ᠤᠨ ᠡᠭᠦᠷ ᠤᠨ ᠰᠤᠷᠤᠯᠴᠠᠯᠭ᠎ᠠ᠂ ᠤᠬᠠᠭᠠᠯᠤᠨ ᠲᠠᠢ᠌ᠯᠪᠤᠷᠢᠯᠠᠬᠤ᠂ ᠰᠤᠳ᠋ᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠲᠠᠮᠵᠢᠨ ᠰᠤᠷᠤᠯᠴᠠᠯᠭ᠎ᠠ ᠶᠢᠨ ᠬᠠᠯᠠᠭᠤᠨ ᠦᠷᠨᠢᠯᠳ᠋ᠡ ᠭᠠᠷᠭᠠᠨ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠦᠷ᠎ᠠ ᠪᠦᠳ᠋ᠦᠮᠵᠢ ᠭᠠᠷᠭᠠᠬᠤ ᠶᠢ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)