ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠦ᠋ᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳ᠋ᠤᠭᠤᠯᠪᠠ

       
    10 ᠰᠠᠷ᠎ᠠ ᠶᠢᠨ 28 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ ᠬᠤᠳ᠋ᠠᠯᠳ᠋ᠤᠭ᠎ᠠ ᠡᠵᠡᠩᠨᠡᠬᠦ ᠤᠷᠴᠢᠨ ᠨᠦ᠋ᠭᠦᠴᠡᠯ ᠢ ᠰᠢᠯᠢᠳ᠋ᠡᠭ᠍ᠵᠢᠭᠦᠯᠬᠦ  ᠲᠤᠬᠠᠢ ᠴᠢᠬᠤᠯᠠ ᠦᠭᠦᠯᠡᠯᠳ᠋ᠡ ᠵᠢᠴᠢ ᠬᠤᠳ᠋ᠠᠯᠳ᠋ᠤᠭ᠎ᠠ ᠡᠵᠡᠩᠨᠡᠬᠦ ᠤᠷᠴᠢᠨ ᠨᠦ᠋ᠭᠦᠴᠡᠯ ᠢ ᠰᠢᠯᠢᠳ᠋ᠡᠭ᠍ᠵᠢᠭᠦᠯᠬᠦ ᠬᠠᠮᠢᠶ᠎ᠠ ᠪᠦᠬᠦᠢ ᠲᠦ᠋ᠷᠦ ᠶᠢᠨ ᠪᠤᠳ᠋ᠤᠯᠭ᠎ᠠ ᠬᠠᠦᠯᠢ ᠲᠤᠭᠳ᠋ᠠᠭᠠᠯ ᠢ ᠲᠦ᠋ᠪᠯᠡᠷᠡᠭᠦᠯᠦᠨ ᠰᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃

        


       
        ᠬᠤᠷᠠᠯ ᠡᠴᠡ᠂ ᠪᠠᠢ᠌ᠭᠤᠯᠭ᠎ᠠ ᠶᠢᠨ ᠨᠠᠮ ᠤᠨ ᠡᠭᠦᠷ ᠰᠤᠷᠤᠯᠴᠠᠯᠭ᠎ᠠ ᠪᠤᠯᠪᠠᠰᠤᠷᠠᠯ ᠢ ᠴᠢᠩᠭ᠎ᠠ ᠪᠤᠳ᠋ᠠᠳ᠋ᠠᠢ ᠨᠠᠷᠢᠯᠢᠭ ᠠᠳᠬᠤᠵᠤ᠂ ᠬᠤᠳ᠋ᠠᠯᠳ᠋ᠤᠭ᠎ᠠ ᠡᠵᠡᠩᠨᠡᠬᠦ ᠤᠷᠴᠢᠨ ᠨᠦ᠋ᠭᠦᠴᠡᠯ ᠢ ᠰᠢᠯᠢᠳ᠋ᠡᠭ᠍ᠵᠢᠭᠦᠯᠬᠦ ᠬᠠᠮᠢᠶ᠎ᠠ ᠪᠦᠬᠦᠢ ᠠᠭᠤᠯᠭ᠎ᠠ ᠶᠢ ᠨᠠᠮ ᠤᠨ ᠡᠭᠦᠷ ᠤᠨ《ᠭᠤᠷᠪᠠᠨ ᠬᠤᠷᠠᠯ ᠨᠢᠭᠡ ᠬᠢᠴᠢᠶᠡᠯ》ᠪᠤᠯᠤᠨ ᠨᠠᠮ ᠤᠨ ᠭᠡᠰᠢᠭᠦᠳ ᠤᠨ ᠲᠦ᠋ᠪᠯᠡᠷᠡᠭᠦᠯᠦᠨ ᠰᠤᠷᠤᠯᠴᠠᠬᠤ ᠲᠦ᠋ᠯᠦᠪᠯᠡᠭᠡ  ᠳᠤ ᠤᠷᠤᠭᠤᠯᠤᠨ᠂ ᠬᠠᠮᠢᠶ᠎ᠠ ᠪᠦᠬᠦᠢ ᠲᠦ᠋ᠷᠦ ᠶᠢᠨ ᠪᠤᠳ᠋ᠤᠯᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠪᠤᠳ᠋ᠠᠳ᠋ᠠᠢ ᠰᠡᠳᠭᠢᠴᠡ ᠠᠷᠭ᠎ᠠ ᠠᠪᠴᠠᠯ  ᠢ ᠭᠦᠨᠵᠡᠭᠡᠢ ᠰᠤᠳ᠋ᠤᠯᠵᠤ᠂ ᠤᠳ᠋ᠤᠬᠠᠨ ᠤ ᠠᠵᠢᠯ ᠶᠢᠡᠨ ᠨᠡᠩ ᠴᠢᠷᠮᠠᠢ᠌ᠨ ᠰᠠᠢ᠌ᠳ᠋ᠤᠷ ᠬᠢᠵᠦ᠂ ᠲᠠᠷᠠᠭ᠎ᠠ ᠵᠢᠯ ᠤᠨ ᠠᠵᠢᠯ ᠶᠢᠡᠨ ᠰᠠᠢ᠌ᠳ᠋ᠤᠷ ᠲᠦ᠋ᠯᠦᠪᠯᠡᠨ᠂ ᠦᠨᠡᠨ ᠪᠤᠳ᠋ᠠᠳ᠋ᠠᠢ ᠨᠠᠷᠢᠯᠢᠭ ᠬᠢᠬᠦ ᠰᠤᠷᠳ᠋ᠠᠯ ᠢ ᠶᠡᠬᠡᠪᠡᠷ ᠪᠠᠳ᠋ᠠᠷᠠᠭᠤᠯᠵᠤ᠂ ᠠᠵᠢᠯ ᠪᠤᠯᠭᠠᠨ ᠶᠢᠡᠨ ᠰᠠᠢ᠌ᠳ᠋ᠤᠷ ᠬᠢᠵᠦ ᠴᠢᠷᠮᠠᠢ᠌ᠨ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ  ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ