ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠬᠢᠵᠢᠭ᠌ ᠤᠨ ᠪᠠᠢ᠌ᠳ᠋ᠠᠯ ᠢ᠁
ᠡᠦ ᠴᠢᠩ ᠬᠠᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠦ᠋ᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ᠌ ᠤᠨ ᠠᠵᠢᠯᠳ᠋ᠡᠳ ᠢ ᠪᠤᠯᠭᠤᠭᠠᠨ ᠲᠤᠬᠤᠨᠢᠭᠤᠯᠪᠠ

       
        11 ᠰᠠᠷ᠎ᠠ ᠶᠢᠨ 1 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠡᠮᠦᠨ᠎ᠠ ᠹᠷᠤᠨᠲ ᠢ ᠪᠠᠳ᠋ᠤ ᠰᠠᠬᠢᠵᠤ ᠪᠠᠢ᠌ᠭ᠎ᠠ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠦ᠋ᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ᠌ ᠤᠨ ᠠᠵᠢᠯᠳ᠋ᠡᠳ ᠢ ᠪᠤᠯᠭᠤᠭᠠᠨ ᠲᠤᠬᠤᠨᠢᠭᠤᠯᠵᠤ᠂ ᠲᠡᠳ᠋ᠡᠨ ᠤ ᠡᠮᠦᠨ᠎ᠠ ᠹᠷᠤᠨᠲ ᠢ ᠪᠠᠳ᠋ᠤ ᠰᠠᠬᠢᠵᠤ ᠰᠢᠷᠭᠠᠭᠤ ᠴᠢᠷᠮᠠᠢ᠌ᠯᠭ᠎ᠠ ᠭᠠᠷᠭᠠᠭᠰᠠᠨ ᠵᠢᠴᠢ ᠭᠡᠷ ᠪᠦᠯᠢ ᠪᠠᠨ ᠬᠠᠢ᠌ᠬᠤᠷᠤᠯ ᠦᠭᠡᠶ ᠤᠯᠠᠨ ᠤ ᠲᠦ᠋ᠯᠦᠭᠡ ᠵᠢᠳᠭᠦᠭ᠍ᠰᠡᠨ ᠵᠤᠷᠢᠭ ᠰᠠᠨᠠᠭ᠎ᠠ ᠳᠤ ᠴᠢᠩ ᠰᠠᠳᠭᠢᠯ ᠡᠴᠡ ᠪᠠᠨ ᠲᠠᠯᠠᠷᠬᠠᠵᠤ ᠪᠠᠢ᠌ᠬᠤ ᠪᠠᠨ ᠢᠯᠡᠳᠭᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠪᠠᠷ᠎ᠠ ᠪᠤᠯᠪᠠ᠃

        
        ᠯᠦ᠋ᠪᠸᠢ ᠪᠠᠯᠭᠠᠰᠤᠨ ᠤ ᠲᠦ᠋ᠩ ᠱᠦ᠋ᠨ ᠵᠤᠴᠢᠳ ᠤᠨ ᠪᠠᠭᠤᠳ᠋ᠠᠯ ᠤᠨ ᠲᠦ᠋ᠪᠯᠡᠷᠡᠭᠦᠯᠦᠨ ᠲᠤᠰᠠᠭᠠᠷᠯᠠᠵᠤ ᠠᠵᠢᠯᠯᠠᠬᠤ ᠴᠡᠭ᠌ ᠲᠤ᠂ ᠡᠦ ᠴᠢᠩ ᠬᠠᠢ ᠨᠡᠷ ᠠᠵᠢᠯ ᠤᠨ ᠪᠠᠢ᠌ᠷᠢ ᠪᠠᠨ ᠪᠠᠳ᠋ᠤ ᠰᠠᠬᠢᠵᠤ ᠪᠠᠢ᠌ᠭ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷᠴᠤᠳ ᠲᠡᠶ ᠲᠤᠳ᠋ᠤᠨᠤ ᠪᠠᠷ ᠶᠠᠷᠢᠯᠴᠡᠨ᠂ ᠲᠤᠰᠠᠭᠠᠷᠯᠠᠵᠤ ᠠᠵᠢᠯᠯᠠᠬᠤ ᠴᠩ ᠤᠨ ᠠᠵᠢᠯ ᠤᠨ ᠠᠮᠢᠳ᠋ᠤᠷᠠᠯ ᠤᠨ ᠪᠠᠢ᠌ᠳ᠋ᠠᠯ ᠪᠠ ᠪᠤᠳ᠋ᠠᠳ᠋ᠠᠢ ᠬᠡᠷᠡᠭ᠍ᠴᠡᠭᠡ᠂ ᠲᠤᠰᠠᠭᠠᠷᠯᠠᠵᠤ ᠬᠠᠮᠢᠶᠠᠷᠤᠨ ᠡᠵᠡᠮᠳ᠋ᠡᠬᠦ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠭᠰᠠᠨ ᠪᠦᠭᠡᠳ ᠲᠤᠰ ᠪᠡᠶ᠎ᠠ ᠶᠢᠨ ᠬᠠᠮᠠᠭᠠᠯᠠᠯᠳ᠋ᠠ ᠪᠠᠨ ᠰᠠᠢ᠌ᠳ᠋ᠤᠷ ᠬᠢᠬᠦ ᠬᠡᠷᠡᠭ᠍ᠳ᠋ᠠᠢ ᠭᠡᠵᠦ ᠵᠠᠬᠢᠪᠠ᠃

        
        ᠲᠦ᠋ᠪᠯᠡᠷᠡᠭᠦᠯᠦᠨ ᠲᠤᠰᠠᠭᠠᠷᠯᠠᠵᠤ ᠠᠵᠢᠯᠯᠠᠬᠤ ᠴᠡᠭ᠌ ᠤᠨ ᠠᠵᠢᠯᠳ᠋ᠡᠳ ᠡᠴᠡ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠡᠷᠭᠡᠢ᠌ᠯᠡᠯᠳ᠋ᠡ ᠶᠢᠨ ᠱᠤᠭᠤᠮ ᠢ ᠪᠠᠳ᠋ᠤ ᠰᠠᠬᠢᠨ᠂ ᠡᠭᠦᠷᠭᠡ ᠬᠠᠷᠢᠭᠤᠴᠠᠯᠭ᠎ᠠ ᠪᠠᠨ ᠭᠤᠳ᠋ᠤᠭᠠᠬᠤ ᠦᠭᠡᠶ᠂ ᠡᠯ᠎ᠠ ᠵᠦ᠋ᠢᠯ ᠤᠨ ᠬᠢᠵᠢᠭ᠌ ᠢ ᠰᠡᠷᠭᠡᠢ᠌ᠯᠡᠬᠦ ᠠᠷᠭ᠎ᠠ ᠬᠡᠮᠵᠢᠶ᠎ᠠ ᠶᠢ ᠴᠢᠩᠭ᠎ᠠ ᠨᠠᠢ᠌ᠳ᠋ᠠᠪᠤᠷᠢᠵᠢᠭᠤᠯᠵᠤ᠂ ᠲᠤᠰᠠᠭᠠᠷᠯᠠᠵᠤ ᠬᠠᠮᠢᠶᠠᠷᠤᠨ ᠡᠵᠡᠮᠳ᠋ᠡᠬᠦ ᠡᠨᠡ ᠬᠦ ᠴᠢᠬᠤᠯᠠ ᠰᠡᠷᠭᠡᠢ᠌ᠯᠡᠯᠳ᠋ᠡ ᠶᠢᠨ ᠱᠤᠭᠤᠮ ᠢ ᠡᠷᠡᠰ ᠰᠠᠢ᠌ᠳ᠋ᠤᠷ ᠰᠠᠬᠢᠨ᠎ᠠ ᠭᠡᠵᠦ ᠢᠯᠡᠷᠬᠡᠢ᠌ᠯᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ 《ᠬᠤᠶᠠᠷ ᠢ ᠬᠦᠩᠭᠡᠷᠡᠭᠦᠯᠬᠦ》 ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
ᠳᠠᠷᠠᠭᠠᠬᠢ᠄ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠭᠦᠷᠭᠡᠯᠡᠯ ᠢ ᠢᠯᠡᠷᠡᠭᠦᠯᠵᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠳᠤ ᠬᠦᠴᠦᠨ ᠨᠡᠮᠡᠷᠢᠯᠡᠵᠦ ᠪᠠᠢ᠌ᠭ᠎ᠠ