ᠤᠳᠤ ᠶᠢᠨ ᠪᠠᠢ᠌ᠷᠢ᠄ ᠴᠢᠬᠤᠯᠠ ᠮᠡᠳᠡᠭᠡ → ᠠᠷᠠᠳ ᠤᠨ ᠲᠦ᠋ᠯᠦᠭᠡᠯᠡᠭ᠍ᠴᠢᠳ ᠤᠨ ᠶᠡᠬᠡ᠁
ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠡᠭᠦᠷᠭᠡᠯᠡᠯ ᠢ ᠢᠯᠡᠷᠡᠭᠦᠯᠵᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠳᠤ ᠬᠦᠴᠦᠨ ᠨᠡᠮᠡᠷᠢᠯᠡᠵᠦ ᠪᠠᠢ᠌ᠭ᠎ᠠ

       


       
        11 ᠰᠠᠷ᠎ᠠ ᠶᠢᠨ 3 ᠤ ᠡᠳ᠋ᠦᠷ ᠤᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ  ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠤᠤ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠵᠢᠴᠢ ᠨᠠᠷᠢᠨ ᠪᠢᠴᠢᠭ᠌ ᠤᠨ ᠲᠠᠷᠤᠭ᠎ᠠ ᠯᠢ ᠴᠸᠩ ᠭᠦᠸᠸ ᠲᠤᠰ ᠲᠤᠰ ᠲᠦ᠋ᠩ ᠱᠦ᠋ᠨ ᠵᠤᠴᠢᠳ ᠤᠨ ᠪᠠᠭᠤᠳ᠋ᠠᠯ᠂ ᠯᠦ᠋ᠪᠸᠢ ᠶᠢᠨ ᠡᠮᠦᠨ᠎ᠠ ᠰᠦ᠋ᠢᠳᠭᠡᠯ ᠬᠤᠷᠢᠶᠠᠬᠤ ᠦᠷᠳ᠋ᠡᠭᠡ᠂ ᠬᠤᠤ ᠲᠢᠩ ᠵᠤᠴᠢᠳ ᠤᠨ ᠪᠠᠭᠤᠳ᠋ᠠᠯ᠂ ᠶᠦ᠋ᠩ ᠴᠸᠩ ᠵᠤᠴᠢᠳ ᠤᠨ ᠪᠠᠭᠤᠳ᠋ᠠᠯ᠂ ᠱᠸᠩ ᠰᠢᠨ ᠵᠢᠶᠠ ᠮᠤ ᠡᠾᠸ ᠵᠤᠴᠢᠳ ᠤᠨ ᠪᠠᠭᠤᠳ᠋ᠠᠯ ᠵᠡᠷᠭᠡ ᠲᠦ᠋ᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ᠌ ᠪᠠ ᠵᠠᠮ ᠤᠨ ᠠᠭᠤᠯᠵᠠᠷ ᠤᠨ ᠴᠡᠭ᠌ ᠲᠤ ᠬᠦᠷᠴᠦ᠂ ᠬᠡᠷ ᠪᠦᠯᠢ ᠪᠠᠨ ᠬᠠᠢ᠌ᠬᠤᠷᠤᠯ ᠦᠭᠡᠶ ᠤᠯᠠᠨ ᠤ ᠲᠦ᠋ᠯᠦᠭᠡ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠰᠢᠷᠭᠠᠭᠤ ᠠᠵᠢᠯᠯᠠᠵᠤ ᠪᠠᠢ᠌ᠭ᠎ᠠ ᠠᠵᠢᠯᠳ᠋ᠠᠳ ᠢ ᠪᠤᠯᠭᠤᠭᠠᠨ ᠲᠤᠬᠤᠨᠢᠭᠤᠯᠵᠤ᠂ ᠲᠡᠳ᠋ᠡᠨ ᠤ ᠬᠠᠯᠳ᠋ᠠᠪᠤᠷᠢᠯᠠᠭᠳ᠋ᠠᠬᠤ ᠲᠦ᠋ᠭ᠍ᠰᠢᠭᠦᠷᠢ ᠡᠴᠡ ᠠᠶᠤᠬᠤ ᠦᠭᠡᠶ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠮᠤᠭ ᠤᠨ ᠡᠮᠦᠨ᠎ᠠ ᠹᠷᠤᠨᠲ ᠢ ᠡᠭᠦᠷᠢᠳ᠋ᠡ ᠪᠠᠳ᠋ᠤ ᠰᠠᠬᠢᠵᠤ᠂ ᠪᠦᠬᠦ ᠬᠤᠰᠢᠭᠤᠨ ᠤ ᠠᠷᠠᠳ ᠲᠦ᠋ᠮᠡᠨ ᠤ ᠠᠮᠢ ᠨᠠᠰᠤ ᠡᠷᠡᠭᠦᠯ ᠮᠡᠨᠳ᠋ᠦ ᠶᠢ ᠬᠠᠮᠠᠭᠠᠯᠠᠵᠤ ᠪᠠᠢ᠌ᠭ᠎ᠠ ᠳᠤ ᠲᠠᠯᠠᠷᠬᠠᠪᠠ᠃

         


        
        ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ᠂ ᠵᠠᠷᠤᠳ ᠬᠤᠰᠢᠭᠤᠨ ᠤ ᠴᠢᠶᠠᠨ ᠱᠦ᠋ᠨ ᠰᠢᠨ ᠲᠢᠶᠠᠨ ᠳ᠋ᠢ ᠬᠤᠳ᠋ᠠᠯᠳ᠋ᠤᠭᠠᠨ ᠤ ᠲᠦ᠋ᠪ ᠤᠨ ᠶᠡᠷᠦᠩᠬᠡᠢ ᠲᠠᠭᠠᠭᠠᠮᠠᠯ ᠯᠢ ᠢᠦᠢ ᠯᠢᠶᠠᠩ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠷᠢᠶᠠᠯᠠᠯ ᠢ ᠢᠳ᠋ᠡᠪᠬᠢᠳ᠋ᠠᠢ ᠴᠤᠤᠷᠢᠶᠠᠳ᠋ᠤᠨ᠂ ᠨᠡᠢ᠌ᠭᠡᠮ ᠤᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠡᠴᠡ ᠪᠠᠨ ᠡᠭᠦᠷᠭᠡᠯᠡᠵᠦ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠵᠢᠱᠢᠶᠡᠴᠢ ᠲᠠᠭᠠᠭᠤᠯᠤᠭᠴᠢ ᠶᠢᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠤᠨ ᠠᠵᠢᠯᠳ᠋ᠡᠳ ᠤᠨ ᠪᠤᠳ᠋ᠠᠳ᠋ᠠᠢ ᠬᠡᠷᠡᠭ᠍ᠴᠡᠭᠡ ᠲᠡᠶ ᠤᠶᠠᠯᠳ᠋ᠤᠭᠤᠯᠵᠤ᠂ ᠠᠮᠠᠪᠴᠢ᠂ ᠬᠦᠪᠦᠩ ᠲᠡᠪᠡᠯ᠂ ᠵᠢᠮᠢᠰ᠂ ᠤᠤᠭᠤᠬᠤ ᠤᠰᠤ᠂ ᠲᠦ᠋ᠭᠦᠮ ᠮᠢᠨᠳ᠋ᠤᠤᠷ ᠵᠡᠷᠭᠡ 70 ᠭᠠᠷᠤᠢ ᠡᠯ᠎ᠠ ᠲᠦ᠋ᠷᠦᠯ ᠤᠨ ᠠᠮᠢᠳ᠋ᠤᠷᠠᠯ ᠤᠨ ᠡᠳ᠋ ᠪᠤᠳ᠋ᠠᠰ ᠢ ᠬᠠᠨᠳ᠋ᠢᠪᠯᠡᠨ᠂ ᠪᠤᠳ᠋ᠠᠳ᠋ᠤ ᠦᠢᠯᠡ ᠠᠵᠢᠯᠯᠠᠭ᠎ᠠ ᠪᠠᠷ ᠶᠢᠡᠨ ᠡᠮᠦᠨ᠎ᠠ ᠹᠷᠤᠨᠲ ᠤᠨ ᠠᠵᠢᠯᠳ᠋ᠡᠳ ᠢ ᠬᠠᠯᠠᠮᠵᠢᠯᠡᠨ ᠬᠠᠢ᠌ᠷᠠᠯᠠᠵᠤ ᠪᠠᠢ᠌ᠬᠤ ᠪᠠᠨ ᠢᠯᠡᠳᠭᠡᠵᠦ᠂《ᠠᠷᠠᠳ ᠲᠦ᠋ᠮᠡᠨ ᠨᠠᠳ᠋ᠠ ᠶᠢ ᠲᠦ᠋ᠯᠦᠭᠡᠯᠡᠭ᠍ᠴᠢ ᠪᠠᠷ ᠰᠤᠩᠭ᠋ᠤᠪᠠᠯ᠂ ᠪᠢ ᠠᠷᠠᠳ ᠲᠦ᠋ᠮᠡᠨ ᠤ ᠲᠦ᠋ᠯᠦᠭᠡ》ᠭᠡᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠦᠢᠯᠡᠳ᠋ᠦᠯᠭᠡᠵᠢᠭᠦᠯᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠡᠦ ᠴᠢᠩ ᠬᠠᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠦ᠋ᠪᠯᠡᠷᠡᠭᠦᠯᠦᠨ ᠲᠤᠰᠠᠭᠠᠷᠯᠠᠵᠤ ᠠᠵᠢᠭᠯᠠᠬᠤ ᠴᠡᠭ᠌ ᠤᠨ ᠠᠵᠢᠯᠳ᠋ᠡᠳ ᠢ ᠪᠤᠯᠭᠤᠭᠠᠨ ᠲᠤᠬᠤᠨᠢᠭᠤᠯᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠠᠵᠢᠯ ᠪᠠᠢ᠌ᠴᠠᠭᠠᠨ ᠵᠢᠯᠤᠭᠤᠳᠪᠠ