11 ᠰᠠᠷ᠎ᠠ ᠶᠢᠨ 3 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ᠃

ᠡᠦ ᠴᠢᠩ ᠬᠠᠢ ᠪᠠᠶᠠᠷᠳ᠋ᠤᠬᠤᠰᠢᠭᠤ ᠭᠠᠴᠠᠭ᠎ᠠ᠂ ᠲᠤᠯᠠᠭᠠᠨ ᠨᠡᠢ᠌ᠭᠡᠮ ᠲᠤᠭᠤᠷᠢᠭ ᠲᠤ ᠭᠦᠨᠵᠡᠭᠡᠢ᠌ᠷᠡᠨ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠠᠷ ᠲᠠᠮᠵᠢᠨ᠂ ᠨᠤᠳ᠋ᠤᠭ ᠲᠠᠭᠠᠨ ᠪᠤᠴᠠᠭᠰᠠᠨ ᠰᠤᠷᠤᠭᠴᠢᠳ ᠤᠨ ᠠᠮᠢᠳ᠋ᠤᠷᠠᠯ ᠤᠨ ᠪᠠᠳ᠋ᠤᠯᠠᠭ᠎ᠠ ᠪᠠ ᠭᠡᠷ ᠲᠡᠭᠡᠨ ᠲᠤᠰᠠᠭᠠᠷᠯᠠᠨ ᠠᠵᠢᠭᠯᠠᠬᠤ ᠵᠢᠴᠢ ᠪᠦᠭᠡᠮ ᠬᠦᠴᠢᠯ ᠤᠨ ᠦᠯᠢᠭᠡᠷ ᠠᠪᠴᠦ ᠪᠠᠢ᠌ᠭ᠎ᠠ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠪᠠ᠃ ᠡᠦ ᠴᠢᠩ ᠬᠠᠢ ᠡᠴᠡ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠦ᠋ᠷᠦ ᠶᠢᠨ ᠪᠤᠳ᠋ᠤᠯᠭ᠎ᠠ ᠶᠢ ᠴᠢᠩᠭ᠎ᠠ ᠵᠢᠷᠤᠮᠯᠠᠨ᠂ ᠭᠡᠷ ᠲᠡᠭᠡᠨ ᠲᠤᠰᠠᠭᠠᠷᠯᠠᠨ ᠠᠵᠢᠭᠯᠠᠬᠤ ᠬᠠᠮᠢᠶᠠᠷᠤᠯᠳ᠋ᠠ ᠶᠢ ᠴᠢᠩᠭ᠋ᠠᠳᠬᠠᠨ᠂ ᠠᠵᠢᠯᠳ᠋ᠡᠨ ᠶᠢᠡᠨ ᠲᠤᠬᠢᠷᠠᠭᠤᠯᠵᠤ᠂ ᠡᠳ᠋ ᠪᠤᠳ᠋ᠠᠰ ᠶᠢᠡᠨ ᠰᠠᠢ᠌ᠳ᠋ᠤᠷ ᠨᠦ᠋ᠭᠡᠴᠡᠯᠡᠨ᠂ ᠡᠮᠴᠢᠯᠡᠭᠡᠨ ᠤ ᠬᠠᠶᠠᠭᠳ᠋ᠠᠮᠠᠯ ᠪᠤᠳ᠋ᠠᠰ ᠪᠠ ᠠᠮᠢᠳ᠋ᠤᠷᠠᠯ ᠤᠨ ᠬᠤᠭ ᠨᠤᠪᠰᠢ ᠶᠢ ᠰᠠᠢ᠌ᠳ᠋ᠤᠷ ᠰᠢ᠌ᠳᠪᠦᠷᠢᠯᠡᠵᠦ᠂ ᠲᠤᠰ ᠪᠡᠶ᠎ᠠ ᠶᠢᠨ ᠬᠠᠮᠢᠶᠠᠷᠤᠯᠳ᠋ᠠ ᠪᠠᠨ ᠰᠠᠢ᠌ᠳ᠋ᠤᠷ ᠬᠢᠵᠦ᠂ ᠭᠡᠷ ᠲᠡᠭᠡᠨ ᠲᠤᠰᠠᠭᠠᠷᠯᠠᠵᠤ ᠠᠵᠢᠭᠯᠠᠬᠤ ᠬᠦᠮᠦᠰ ᠢ ᠬᠠᠮᠢᠶᠠᠷᠤᠨ ᠡᠵᠡᠮᠳ᠋ᠡᠬᠦ ᠠᠷᠭ᠎ᠠ ᠠᠪᠴᠠᠯ ᠢ ᠴᠢᠩᠭ᠎ᠠ ᠨᠢᠮᠪᠠᠢ ᠨᠠᠢ᠌ᠳ᠋ᠠᠪᠤᠷᠢᠵᠢᠭᠤᠯᠬᠤ ᠬᠡᠷᠡᠭ᠍ᠳ᠋ᠠᠢ᠃ ᠬᠦᠮᠦᠨ ᠰᠤᠶᠤᠯ ᠤᠨ ᠬᠠᠯᠠᠮᠵᠢᠯᠠᠯ ᠢ ᠴᠢᠩᠭ᠋ᠠᠳᠬᠠᠨ᠂ ᠦᠢᠯᠡᠴᠢᠯᠡᠭᠡᠨ ᠤ ᠪᠠᠳ᠋ᠤᠯᠠᠭ᠎ᠠ ᠶᠢ ᠲᠤᠳ᠋ᠤᠨᠤ ᠨᠠᠷᠢᠯᠢᠭ ᠬᠢᠵᠦ᠂ ᠨᠤᠳ᠋ᠤᠭ ᠲᠠᠭᠠᠨ ᠪᠤᠴᠠᠭᠰᠠᠨ ᠰᠤᠷᠤᠭᠴᠢᠳ ᠤᠨ ᠰᠡᠳᠭᠢᠴᠡ ᠶᠢᠨ ᠵᠢᠯᠤᠭᠤᠳ᠋ᠤᠯᠭ᠎ᠠ ᠶᠢ ᠨᠠᠷᠢᠨ ᠬᠢᠨᠠᠮᠠᠭᠠᠢ ᠭᠢᠵᠦ᠂ ᠨᠤᠳ᠋ᠤᠭ ᠲᠠᠭᠠᠨ ᠪᠤᠴᠠᠭᠰᠠᠨ ᠰᠤᠷᠤᠭᠴᠢᠳ ᠲᠤ ᠨᠤᠳ᠋ᠤᠭ ᠤᠰᠤᠨ ᠤ ᠬᠠᠢ᠌ᠷ᠎ᠠ ᠬᠠᠯᠠᠮᠵᠢ ᠶᠢ ᠦᠨᠡᠨ ᠬᠦ ᠮᠡᠳ᠋ᠡᠭᠦᠯᠬᠦ ᠬᠡᠷᠡᠭ᠍ᠳ᠋ᠠᠢ᠃ ᠬᠤᠢ᠌ᠰᠢᠳ᠋ᠠ ᠶᠢᠨ ᠬᠠᠮᠢᠶᠠᠷᠤᠯᠳ᠋ᠠ ᠶᠢᠨ ᠠᠵᠢᠯ ᠢ ᠰᠠᠢ᠌ᠳ᠋ᠤᠷ ᠬᠢᠵᠦ᠂ ᠶᠠᠪᠤᠴᠠ ᠶᠢᠨ ᠲᠠᠷᠠᠭᠠᠯᠠᠯ ᠶᠢᠡᠷ ᠨᠤᠳ᠋ᠤᠭ ᠲᠠᠭᠠᠨ ᠪᠤᠴᠠᠭᠰᠠᠨ ᠰᠤᠷᠤᠭᠴᠢᠳ ᠢ ᠲᠤᠰᠴᠦ ᠠᠪᠬᠤ ᠠᠵᠢᠯ ᠢ ᠠᠮᠤᠷ ᠲᠦ᠋ᠪᠰᠢᠨ ᠡᠮᠬᠢ ᠲᠢᠭ᠍ᠯᠢᠮ ᠲᠡᠶ ᠰᠠᠢ᠌ᠳ᠋ᠤᠷ ᠬᠢᠵᠦ᠂ ᠡᠯ᠎ᠠ ᠭᠤᠭᠴᠤᠭ᠎ᠠ ᠶᠢ ᠰᠠᠢ᠌ᠳ᠋ᠤᠷ ᠵᠤᠯᠭᠠᠭᠤᠯᠤᠨ᠂ ᠠᠯᠳ᠋ᠠᠭ᠎ᠠ ᠲᠤᠳ᠋ᠠᠭᠳ᠋ᠠᠯ ᠭᠠᠷᠭᠠᠬᠤ ᠦᠭᠡᠶ ᠪᠠᠢ᠌ᠬᠤ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃
ᠡᠦ ᠴᠢᠩ ᠬᠠᠢ ᠪᠠᠰᠠ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠪᠠᠷ ᠲᠠᠮᠵᠢᠨ᠂ ᠪᠦᠬᠦ ᠪᠠᠯᠭᠠᠰᠤᠨ ᠤ ᠪᠤᠰᠤᠳ ᠴᠢᠬᠤᠯᠠ ᠠᠵᠢᠯ ᠦᠷᠨᠢᠭᠦᠯᠦᠭ᠍ᠰᠡᠨ ᠪᠠᠢ᠌ᠳ᠋ᠠᠯ ᠪᠤᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠪᠠᠢ᠌ᠷᠢᠯᠠᠭᠤᠯᠤᠯᠳ᠋ᠠ ᠶᠢ ᠠᠰᠠᠭᠤᠨ ᠤᠢ᠌ᠯᠠᠭᠠᠪᠠ᠃ (ᠨᠠᠢ᠌ᠷᠠᠭᠤᠯᠤᠭᠴᠢ᠄ ᠯᠸᠢ ᠫᠠᠩ)