ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠬᠠᠦᠯᠢ》 ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ

  11 ᠰᠠᠷ᠎ᠠ ᠶᠢᠨ 8 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠬᠠᠦᠯᠢ》 ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠦᠷᠨᠢᠭᠦᠯᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠲᠡᠳ᠋ ᠬᠤᠰᠢᠭᠤᠨ ᠲᠠᠷᠤᠭ᠎ᠠ ᠼᠦ᠋ᠢ ᠯᠸᠢ ᠯᠸᠢ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠪᠠᠷ᠎ᠠ ᠪᠤᠯᠪᠠ᠃

        
        ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠪᠠᠶᠠᠨᠳ᠋ᠠᠯ᠎ᠠ ᠰᠤᠮᠤ ᠶᠢᠨ ᠢᠳ᠋ᠡᠭ᠍ᠳ᠋ᠡᠭ᠍ᠰᠡᠨ ᠭᠤᠤ ᠶᠢ ᠶᠡᠷᠦᠩᠬᠡᠢ᠌ᠯᠡᠨ ᠵᠠᠰᠠᠬᠤ ᠢᠨᠵᠸᠨᠸᠷᠢᠩ᠂ ᠰᠢᠶᠠᠩᠱᠠᠨ ᠭᠤᠤ ᠶᠢ ᠵᠠᠰᠠᠬᠤ ᠢᠨᠵᠸᠨᠸᠷᠢᠩ ᠤᠨ ᠲᠤᠬᠠᠢ ᠶᠢᠨ ᠲᠠᠯᠠᠪᠤᠷ ᠲᠤ ᠬᠦᠷᠴᠦ᠂ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠪᠠᠷ ᠲᠠᠮᠵᠢᠨ᠂ ᠦᠢᠯᠡᠳᠪᠦᠷᠢᠯᠡᠯ ᠪᠦᠳ᠋ᠦᠭᠡᠨ ᠪᠠᠢ᠌ᠭᠤᠯᠤᠯᠳ᠋ᠠ ᠶᠢᠨ ᠨᠢᠭᠡᠴᠠ ᠶᠢᠨ ᠬᠦᠷᠦᠰᠦ ᠰᠢᠷᠤᠢ ᠶᠢ ᠬᠠᠮᠠᠭᠠᠯᠠᠬᠤ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ᠂ ᠤᠯᠤᠭᠰᠠᠨ ᠦᠷ᠎ᠠ ᠪᠦᠳ᠋ᠦᠮᠵᠢ᠂ ᠤᠷᠤᠰᠢᠵᠤ ᠪᠠᠢ᠌ᠬᠤ ᠠᠰᠠᠭᠤᠳ᠋ᠠᠯ ᠵᠢᠴᠢ ᠬᠦᠷᠦᠰᠦ ᠰᠢᠷᠤᠢ ᠶᠢ ᠬᠠᠮᠠᠭᠠᠯᠠᠬᠤ ᠬᠠᠦᠯᠢ ᠴᠠᠭᠠᠵᠠ ᠬᠠᠦᠯᠢ ᠲᠤᠭᠳ᠋ᠠᠭᠠᠯ ᠢ ᠲᠤᠭᠤᠰᠢᠯᠠᠭᠤᠯᠵᠤ ᠬᠡᠷᠡᠭ᠍ᠵᠢᠭᠦᠯᠦᠭ᠍ᠰᠡᠨ ᠪᠠᠢ᠌ᠳ᠋ᠠᠯ ᠢ ᠤᠢ᠌ᠯᠠᠭᠠᠭᠰᠠᠨ ᠪᠦᠭᠡᠳ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢᠨ ᠲᠤᠮᠳ᠋ᠠ ᠢᠯᠡᠷᠡᠭᠦᠯᠦᠭ᠍ᠰᠡᠨ ᠠᠰᠠᠭᠤᠳ᠋ᠠᠯ ᠳᠤ ᠴᠢᠭᠯᠡᠭᠦᠯᠦᠨ ᠵᠢᠯᠤᠭᠤᠳᠬᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃

        
        ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠡᠴᠡ᠂ ᠬᠦᠷᠦᠰᠦ ᠰᠢᠷᠤᠢ ᠶᠢ ᠬᠠᠮᠠᠭᠠᠯᠠᠬᠤ ᠪᠤᠯ ᠨᠢᠭᠡᠨ ᠴᠢᠬᠤᠯᠠ ᠦᠨᠳ᠋ᠦᠰᠦᠨ ᠪᠤᠳ᠋ᠤᠯᠭ᠎ᠠ ᠮᠦ᠋ᠨ᠂ ᠪᠠᠰᠠ ᠴᠦ ᠠᠮᠢ ᠠᠬᠤᠢ ᠶᠢ ᠬᠠᠮᠠᠭᠠᠯᠠᠬᠤ᠂ ᠤᠯᠤᠰ ᠠᠷᠠᠳ ᠲᠤ ᠠᠰᠢᠭᠳ᠋ᠠᠢ ᠠᠷᠠᠳ ᠤᠨ ᠠᠮᠢᠳ᠋ᠤᠷᠠᠯ ᠤᠨ ᠢᠨᠵᠸᠨᠸᠷᠢᠩ ᠮᠦ᠋ᠨ ᠡᠯ᠎ᠠ ᠱᠠᠳ᠋ᠤ ᠡᠯ᠎ᠠ ᠰᠠᠯᠠᠭ᠎ᠠ ᠮᠦ᠋ᠴᠢᠷ ᠤᠨ ᠬᠢᠨ ᠡᠷᠬᠡᠪᠰᠢ ᠰᠢ ᠵᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳ᠋ᠤᠯᠭ᠎ᠠ ᠪᠤᠯᠭᠠᠨ᠂ ᠤᠯᠤᠰ ᠲᠦ᠋ᠷᠦ ᠶᠢᠨ ᠵᠤᠭᠰᠤᠴᠠ ᠪᠠᠨ ᠲᠡᠭᠡᠭ᠍ᠰᠢᠯᠡᠭᠦᠯᠵᠦ᠂ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ  ᠡᠭᠦᠷᠭᠡᠯᠡᠨ ᠵᠢᠳᠭᠦᠯ ᠴᠢᠷᠮᠠᠢ᠌ᠯᠭ᠎ᠠ ᠭᠠᠷᠭᠠᠵᠤ᠂ ᠡᠯ᠎ᠠ ᠰᠠᠯᠠᠭ᠎ᠠ ᠮᠦ᠋ᠴᠢᠷ ᠬᠤᠭᠤᠷᠤᠨᠳ᠋ᠤ ᠪᠠᠨ ᠬᠠᠮᠵᠢᠯᠴᠡᠨ ᠬᠦᠳ᠋ᠦᠯᠦᠯᠴᠡᠬᠦ ᠶᠢ ᠴᠢᠩᠭ᠋ᠠᠳᠬᠠᠨ᠂ ᠰᠢᠨᠵᠢᠯᠡᠬᠦ ᠤᠬᠠᠭᠠᠨᠴᠢ ᠦᠷ᠎ᠠ ᠪᠦᠳ᠋ᠦᠮᠵᠢᠳ᠋ᠠᠢ ᠠᠷᠭ᠎ᠠ ᠠᠪᠴᠠᠯ ᠶᠢᠡᠷ ᠢᠳ᠋ᠡᠭ᠍ᠳ᠋ᠡᠭ᠍ᠰᠡᠨ ᠭᠤᠤ ᠶᠢ ᠵᠠᠰᠠᠬᠤ ᠠᠵᠢᠯ ᠢ ᠪᠦᠬᠦ ᠲᠠᠯ᠎ᠠ ᠪᠠᠷ ᠰᠠᠢ᠌ᠳ᠋ᠤᠷ ᠠᠳᠬᠤᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ  ᠤᠨ ᠰᠤᠷᠤᠯᠴᠠᠯᠭ᠎ᠠ (ᠦᠷᠭᠡᠳᠭᠡᠭ᠍ᠰᠡᠨ) ᠶᠢᠨ ᠬᠤᠷᠠᠯ ᠬᠤᠷᠠᠯᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠰᠡᠭ᠌ ᠰᠢᠭᠦᠭ᠍ᠴᠢ ᠳᠤ ᠲᠤᠰᠢᠶᠠᠯ ᠶᠢᠡᠨ ᠭᠦᠢᠴᠡᠳᠭᠡᠭ᠍ᠰᠡᠨ ᠦᠨᠡᠯᠡᠯᠳ᠋ᠡ ᠦᠷᠨᠢᠭᠦᠯᠬᠦ ᠲᠠᠢ᠌ᠴᠢᠯᠠᠯᠳ᠋ᠠ ᠶᠢᠨ ᠶᠡᠬᠡ ᠬᠤᠷᠠᠯ ᠬᠤᠷᠠᠯᠳ᠋ᠤᠪᠠ