ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠰᠡᠭ᠌ ᠰᠢᠭᠦᠭ᠍ᠴᠢ ᠳᠤ ᠲᠤᠰᠢᠶᠠᠯ ᠶᠢᠡᠨ ᠭᠦᠢᠴᠡᠳᠭᠡᠭ᠍ᠰᠡᠨ ᠦᠨᠡᠯᠡᠯᠳ᠋ᠡ ᠦᠷᠨᠢᠭᠦᠯᠬᠦ ᠲᠠᠢ᠌ᠴᠢᠯᠠᠯᠳ᠋ᠠ ᠶᠢᠨ ᠶᠡᠬᠡ ᠬᠤᠷᠠᠯ ᠬᠤᠷᠠᠯᠳ᠋ᠤᠪᠠ

11 ᠰᠠᠷ᠎ᠠ ᠶᠢᠨ 10 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠰᠡᠭ᠌ ᠰᠢᠭᠦᠭ᠍ᠴᠢ ᠳᠤ ᠲᠤᠰᠢᠶᠠᠯ ᠶᠢᠡᠨ ᠭᠦᠢᠴᠡᠳᠭᠡᠭ᠍ᠰᠡᠨ ᠦᠨᠡᠯᠡᠯᠳ᠋ᠡ ᠦᠷᠨᠢᠭᠦᠯᠬᠦ ᠲᠠᠢ᠌ᠴᠢᠯᠠᠯᠳ᠋ᠠ ᠶᠢᠨ ᠶᠡᠬᠡ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠤᠤ ᠯᠦ᠋ᠩ᠂ ᠵᠠᠩ ᠴᠦ᠋ᠨ ᠡᠾᠦ᠋ᠢ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠲᠠᠷᠤᠭ᠎ᠠ ᠲᠤᠩᠭ᠋ᠠᠯᠠᠭ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ ᠴᠢᠦᠢ ᠶᠸ ᠬᠤᠩ ᠬᠤᠷᠠᠯ ᠳᠤ ᠰᠠᠭᠠᠳ᠋ᠠᠪᠠ᠃ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦ᠋ᠷᠦ ᠬᠠᠦᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ ᠶᠢᠨ ᠬᠢᠨᠠᠨ ᠪᠠᠢ᠌ᠴᠠᠭᠠᠬᠤ ᠵᠦ᠋ᠪᠯᠡᠯ᠂ ᠬᠤᠰᠢᠭᠤᠨ ᠤ ᠬᠠᠦᠯᠢ ᠴᠠᠭᠠᠵᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠨᠦ᠋ᠬᠦᠳ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠦᠯᠢ ᠴᠠᠭᠠᠵᠠ ᠶᠢᠨ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ᠂ ᠲᠤᠰᠢᠶᠠᠯ ᠭᠦᠢᠴᠡᠳᠭᠡᠯ ᠤᠨ ᠦᠨᠡᠯᠡᠯᠳ᠋ᠡ ᠶᠢᠨ ᠤᠳ᠋ᠤᠷᠢᠳᠬᠤ ᠪᠠᠭ᠎ᠠ ᠲᠤᠭᠤᠢ᠌ᠯᠠᠩ᠂ ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠪᠦᠬᠦ ᠭᠡᠰᠢᠭᠦᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠤᠳ᠋ᠤᠷᠢᠳᠬᠤ ᠪᠠᠭ ᠤᠨ ᠭᠡᠰᠢᠭᠦᠨ ᠵᠢᠴᠢ ᠪᠦᠬᠦ ᠺᠠᠳ᠋ᠷ ᠴᠠᠭᠳ᠋ᠠᠭ᠎ᠠ ᠬᠤᠷᠠᠯ ᠳᠤ ᠤᠷᠤᠯᠴᠠᠪᠠ᠃ ᠬᠤᠷᠠᠯ ᠢ ᠪᠤᠤ ᠯᠦ᠋ᠩ ᠡᠷᠬᠢᠯᠡᠪᠡ᠃
ᠡᠦ ᠴᠢᠩ ᠬᠠᠢ ᠡᠴᠡ᠂ ᠲᠤᠰᠢᠶᠠᠯ ᠭᠦᠢᠴᠡᠳᠭᠡᠯ ᠤᠨ ᠦᠨᠡᠯᠡᠯᠳ᠋ᠡ ᠶᠢᠨ ᠡᠮᠬᠢ ᠵᠢᠷᠤᠮ ᠲᠡᠶ ᠠᠬᠢᠭᠤᠯᠬᠤ ᠶᠢ ᠪᠠᠳ᠋ᠤᠯᠠᠨ᠂ ᠨᠠᠮ ᠤᠨ ᠤᠳ᠋ᠤᠷᠢᠳ᠋ᠤᠯᠭ᠎ᠠ᠂ ᠠᠷᠠᠳ ᠲᠦ᠋ᠮᠡᠨ ᠡᠵᠡᠨ ᠰᠠᠭᠤᠵᠤ ᠡᠷᠭᠡ ᠮᠡᠳ᠋ᠡᠬᠦ ᠪᠠ ᠬᠠᠦᠯᠢ ᠪᠠᠷ ᠤᠯᠤᠰ ᠶᠢᠡᠨ ᠵᠠᠰᠠᠬᠤ ᠶᠢ ᠤᠷᠭᠠᠨᠢᠭ ᠶᠢᠡᠷ ᠨᠢᠭᠡᠳᠭᠡᠵᠦ᠂ ᠦᠨᠡᠯᠡᠨ ᠶᠠᠷᠢᠯᠴᠠᠬᠤ ᠪᠦᠬᠦ ᠶᠠᠪᠤᠴᠠ ᠶᠢ ᠤᠬᠠᠮᠰᠡᠷ ᠡᠴᠡ ᠪᠠᠨ ᠨᠠᠮ ᠤᠨ ᠤᠳ᠋ᠤᠷᠢᠳ᠋ᠤᠯᠭ᠎ᠠ ᠲᠤᠤᠷ᠎ᠠ ᠲᠠᠯᠪᠢᠨ᠂ ᠦᠨᠡᠯᠡᠯᠳ᠋ᠡ ᠶᠢᠨ ᠠᠵᠢᠯ ᠤᠨ ᠵᠦ᠋ᠪ ᠴᠢᠭᠯᠡᠯ ᠢ ᠪᠠᠳ᠋ᠤᠯᠠᠬᠤ ᠬᠡᠷᠡᠭ᠍ᠳ᠋ᠠᠢ᠃ ᠦᠨᠡᠨ ᠡᠴᠡ ᠵᠦ᠋ᠪ ᠢ ᠡᠷᠢᠬᠦ ᠶᠢ ᠪᠠᠷᠢᠮᠳ᠋ᠠᠯᠠᠨ᠂ ᠦᠨᠡᠯᠡᠬᠦ ᠲᠤᠮᠳ᠋ᠠ ᠴᠢᠳ᠋ᠠᠬᠤ ᠶᠢᠨ ᠬᠢᠷᠢ ᠪᠠᠷ ᠠᠩᠬᠠᠨ ᠤ ᠮᠠᠲ᠋ᠸᠷᠢᠶᠠᠯ ᠢ ᠡᠵᠡᠮᠰᠢᠵᠦ᠂ ᠦᠨᠡᠯᠡᠭᠦ ᠦᠷ᠎ᠠ ᠳ᠋ᠦ᠋ᠩ ᠨᠢ ᠦᠨᠡᠯᠡᠭ᠍ᠳ᠋ᠡᠭ᠍ᠰᠡᠳ ᠢ ᠢᠳ᠋ᠡᠭᠡᠭᠦᠯᠦᠨ᠂ ᠠᠷᠠᠳ ᠤᠯᠠᠨ ᠢ ᠰᠡᠳᠭᠢᠯ ᠬᠠᠨᠤᠮᠵᠢᠳ᠋ᠠᠢ ᠪᠠᠢ᠌ᠯᠭᠠᠵᠤ᠂ ᠦᠨᠡᠨᠬᠦ ᠬᠦᠳ᠋ᠡᠯᠭᠡᠭ᠍ᠴᠢ ᠬᠦᠴᠦᠨ᠂ ᠡᠷᠴᠢ ᠵᠤᠷᠢᠭ᠂ ᠪᠤᠳ᠋ᠠᠳ᠋ᠤ ᠦᠷ᠎ᠠ ᠪᠦᠳ᠋ᠦᠮᠵᠢ ᠶᠢ ᠦᠨᠡᠯᠡᠨ ᠭᠠᠷᠭᠠᠬᠤ ᠬᠡᠷᠡᠭ᠍ᠳ᠋ᠠᠢ ᠭᠡᠵᠦ ᠱᠠᠭᠠᠷᠳ᠋ᠠᠪᠠ᠃

ᠬᠤᠷᠠᠯ ᠲᠡᠭᠡᠷ᠎ᠠ᠂ ᠲᠤᠩᠭ᠋ᠠᠯᠠᠭ ᠡᠴᠡ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠡᠰᠡᠭ᠌ ᠰᠢᠭᠦᠭ᠍ᠴᠢ ᠳᠤ ᠲᠤᠰᠢᠶᠠᠯ ᠶᠢᠡᠨ ᠭᠦᠢᠴᠡᠳᠭᠡᠭ᠍ᠰᠡᠨ ᠢ ᠦᠨᠡᠯᠡᠯᠳ᠋ᠡ ᠬᠢᠬᠦ ᠠᠵᠢᠯ ᠳᠤ ᠤᠪᠤᠷ ᠶᠢᠡᠨ ᠢᠯᠡᠳᠭᠡᠬᠦ ᠶᠠᠷᠢᠶ᠎ᠠ ᠲᠠᠯᠪᠢᠪᠠ᠃
ᠬᠤᠷᠠᠯ ᠡᠴᠡ《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠰᠡᠭ᠌ ᠰᠢᠭᠦᠭ᠍ᠴᠢ ᠳᠤ ᠲᠤᠰᠢᠶᠠᠯ ᠶᠢᠡᠨ ᠭᠦᠢᠴᠡᠳᠭᠡᠭ᠍ᠰᠡᠨ ᠦᠨᠡᠯᠡᠯᠳ᠋ᠡ ᠦᠷᠨᠢᠭᠦᠯᠬᠦ ᠬᠡᠷᠡᠭ᠍ᠵᠢᠭᠦᠯᠦᠯᠳ᠋ᠡ ᠶᠢᠨ ᠲᠦ᠋ᠰᠦᠯ》 ᠢ ᠵᠠᠷᠯᠠᠨ ᠮᠡᠳ᠋ᠡᠭ᠍ᠳ᠋ᠡᠭ᠍ᠰᠡᠨ ᠪᠦᠭᠡᠳ ᠠᠷᠠᠳᠴᠢᠯᠠᠯ ᠶᠢᠡᠷ ᠰᠢᠯᠭᠠᠨ ᠦᠨᠡᠯᠡᠯᠳ᠋ᠡ ᠬᠢᠪᠡ᠃ (ᠨᠠᠢ᠌ᠷᠠᠭᠤᠯᠤᠭᠴᠢ᠄ ᠯᠸᠢ ᠫᠠᠩ)