ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠭᠡᠰᠢᠬᠦᠨ ᠺᠠᠳ᠋ᠷᠴᠤᠤᠨ ᠡᠮᠤᠨ᠎ᠠ ᠹᠷᠤᠨᠲ ᠲᠣ ᠬᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳ᠋ᠥ ᠬᠦᠴᠤᠨ ᠨᠡᠮᠡᠷᠢᠯᠡᠵᠤ ᠪᠠᠢ᠌ᠭ᠎ᠠ

             

            ᠬᠦᠨᠳ᠋ᠤ ᠭᠡᠴᠡᠬᠦᠤ ᠨᠠᠷᠢᠨ ᠪᠤᠳ᠋ᠤᠯᠢᠶᠠᠨᠳ᠋ᠠᠢ ᠬᠢᠵᠢᠭ᠌ ᠤᠨ ᠪᠠᠢ᠌ᠳ᠋ᠠᠯ ᠤᠨ ᠡᠮᠤᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠬᠦᠨ ᠺᠠᠳ᠋ᠷᠴᠤᠤᠨ ᠪᠦᠭᠡᠮ ᠬᠦᠴᠢᠯ ᠤᠨ ᠰᠢᠯᠭᠠᠨ ᠪᠠᠢ᠌ᠴᠠᠭᠠᠯᠳ᠋ᠠ ᠶᠢᠨ ᠰᠠᠢ᠌ᠨ ᠲᠤᠷ᠎ᠠ ᠶᠢᠨ ᠤᠢ᠌ᠯᠡᠴᠢᠯᠡᠭᠡᠨ ᠤ ᠠᠵᠢᠯ ᠳ᠋ᠥ ᠢᠳ᠋ᠡᠪᠬᠢᠳ᠋ᠠᠢ ᠤᠷᠤᠯᠴᠠᠨ᠂ ᠡᠮᠨᠡᠯᠭᠡ ᠶᠢᠨ ᠠᠵᠢᠯᠳ᠋ᠠᠨ ᠪᠤᠯᠤᠨ ᠨᠡᠢ᠌ᠭᠡᠮ ᠲᠤᠭᠤᠷᠢᠭ ᠤᠨ ᠠᠵᠢᠯᠳ᠋ᠠᠨ ᠲᠡᠶ  ᠬᠠᠮᠲᠤ ᠺᠤᠳ᠋ ᠰᠢᠷᠪᠢᠵᠤ ᠲᠠᠩᠰᠠᠯᠠᠬᠤ᠂ ᠡᠮᠬᠢ ᠲᠢᠭᠯᠢᠮ ᠤᠨ ᠬᠠᠮᠢᠶᠠᠷᠤᠯᠳ᠋ᠠ᠂ ᠤᠷᠴᠢᠨ ᠲᠤᠭᠤᠷᠢᠨ ᠢ ᠠᠷᠢᠭᠤᠳᠬᠠᠬᠤ ᠵᠡᠷᠭᠡ ᠠᠵᠢᠯ ᠢ ᠰᠠᠢ᠌ᠳ᠋ᠤᠷ ᠬᠢᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠤᠨ᠎ᠠ ᠹᠷᠤᠨᠲ ᠲᠣ ᠪᠦᠬᠦ ᠬᠦᠴᠤᠨ ᠶᠢᠡᠷ ᠲᠠᠮᠡᠴᠡᠨ᠂ ᠪᠤᠳ᠋ᠠᠳ᠋ᠤ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠬᠦᠨ ᠺᠠᠳ᠋ᠷᠴᠤᠤᠨ ᠤᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠪᠡ᠃

           

           ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠤᠤᠯ ᠤᠳ᠋ᠤᠷᠢᠳ᠋ᠤᠯᠭ᠎ᠠ ᠲᠦ᠋ᠷᠤᠬᠦᠯᠡᠨ ᠵᠢᠯᠤᠭᠤᠳᠬᠤ ᠶᠢᠨ ᠬᠠᠮᠳ᠋ᠤ ᠲᠤᠭᠤᠷᠢᠶᠠᠯ ᠦᠵᠡᠬᠦᠯᠤᠨ᠂ ᠲᠠᠷᠨ ᠲᠠᠷᠤᠢ ᠳ᠋ᠤᠨᠢ ᠨᠡᠢ᠌ᠭᠡᠮ ᠲᠤᠭᠤᠷᠢᠭ ᠢ ᠲᠠᠭᠠᠭᠠᠴᠢᠯᠠᠨ ᠬᠠᠷᠢᠯᠴᠠᠬᠤ᠂ ᠲᠤᠤᠷᠵᠢᠯ ᠤᠨ ᠬᠠᠷᠢᠭᠤᠴᠠᠯᠭ᠎ᠠ ᠶᠢ ᠨᠠᠢ᠌ᠳ᠋ᠠᠪᠤᠷᠢᠵᠢᠭᠤᠯᠬᠤ ᠵᠡᠷᠭᠡ ᠠᠵᠢᠯ ᠢ ᠬᠦᠨᠵᠡᠭᠡᠢ ᠠᠬᠢᠭᠤᠯᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠲᠤᠮᠳ᠋ᠠᠬᠢ ᠠᠰᠠᠭᠤᠳ᠋ᠠᠯ ᠢ ᠵᠤᠬᠢᠴᠠᠭᠤᠯᠤᠨ ᠰᠢ᠌ᠳᠪᠤᠷᠢᠯᠡᠵᠤ᠂ ᠬᠢᠵᠢᠭ᠌ ᠢ ᠰᠡᠷᠭᠡᠢ᠌ᠯᠡᠬᠦ ᠡᠮᠤᠨ᠎ᠠ ᠹᠷᠤᠨᠲ ᠤᠨ ᠠᠵᠢᠯ ᠢ ᠵᠤᠷᠢᠭᠵᠢᠭᠤᠯᠤᠨ ᠬᠠᠯᠠᠮᠵᠢᠯᠡᠪᠡ᠃

          

          

         ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠬᠦᠨ ᠺᠠᠳ᠋ᠷᠴᠤᠤᠨ ᠲᠠᠷᠨ ᠲᠠᠷᠤᠢ ᠳ᠋ᠤᠨᠢ ᠤᠷᠢᠶᠠᠯᠠᠭ᠎ᠠ ᠶᠢ ᠲᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠭᠡᠯᠳ᠋ᠡᠰ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠤᠢ᠌ᠯᠡᠴᠢᠯᠡᠭᠡᠨ ᠤ ᠪᠠᠳ᠋ᠤᠯᠠᠭ᠎ᠠ ᠶᠢᠨ ᠠᠵᠢᠯ ᠤᠨ ᠱᠠᠭᠠᠷᠳ᠋ᠠᠯᠭ᠎ᠠ ᠶᠤᠰᠤᠭᠠᠷ᠂ ᠬᠤᠶᠠᠷ ᠲᠤᠭᠤᠢ᠌ᠯᠠᠩ ᠬᠤᠪᠢᠶᠠᠵᠤ᠂ ᠵᠡᠭᠡᠯᠢ ᠭᠤᠳ᠋ᠤᠮᠵᠢ ᠶᠢᠨ ᠨᠡᠢ᠌ᠭᠡᠮ ᠲᠤᠭᠤᠷᠢᠭ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳ᠋ᠥ ᠬᠦᠴᠤᠨ ᠨᠡᠮᠡᠷᠢᠯᠡᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠰᠡᠭ᠌ ᠰᠢᠭᠦᠭ᠍ᠴᠢ ᠳᠤ ᠲᠤᠰᠢᠶᠠᠯ ᠶᠢᠡᠨ ᠭᠦᠢᠴᠡᠳᠭᠡᠭ᠍ᠰᠡᠨ ᠦᠨᠡᠯᠡᠯᠳ᠋ᠡ ᠦᠷᠨᠢᠭᠦᠯᠬᠦ ᠲᠠᠢ᠌ᠴᠢᠯᠠᠯᠳ᠋ᠠ ᠶᠢᠨ ᠶᠡᠬᠡ ᠬᠤᠷᠠᠯ ᠬᠤᠷᠠᠯᠳ᠋ᠤᠪᠠ
ᠳᠠᠷᠠᠭᠠᠬᠢ᠄ ᠡᠦ ᠴᠢᠩ ᠬᠠᠢ ᠨᠡᠷ ᠭᠣᠣᠯ ᠬᠤᠳ᠋ᠠ ᠶᠢᠨ ᠲᠤᠭᠤᠷᠢᠭ ᠤᠨ ᠲᠠᠭᠠᠭᠠᠴᠢᠯᠠᠭᠰᠠᠨ ᠰᠠᠭᠤᠭᠠᠯᠢ ᠠᠷᠠᠳ ᠤᠨ ᠲᠤᠭᠤᠷᠢᠭ ᠪᠤᠯᠤᠨ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠴᠡᠭ᠌ ᠲᠤ ᠭᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ