ᠡᠦ ᠴᠢᠩ ᠬᠠᠢ ᠨᠡᠷ ᠭᠣᠣᠯ ᠬᠤᠳ᠋ᠠ ᠶᠢᠨ ᠲᠤᠭᠤᠷᠢᠭ ᠤᠨ ᠲᠠᠭᠠᠭᠠᠴᠢᠯᠠᠭᠰᠠᠨ ᠰᠠᠭᠤᠭᠠᠯᠢ ᠠᠷᠠᠳ ᠤᠨ ᠲᠤᠭᠤᠷᠢᠭ ᠪᠤᠯᠤᠨ ᠪᠦᠭᠡᠮ ᠬᠦᠴᠢᠯ ᠤᠨ ᠪᠠᠢ᠌ᠴᠠᠭᠠᠯᠳ᠋ᠠ ᠶᠢᠨ ᠴᠡᠭ᠌ ᠲᠤ ᠭᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ
11ᠰᠠᠷ᠎ᠠ ᠶᠢᠨ 18 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠶᠦ᠋ᠩ ᠴᠢᠶᠠᠩ᠂ ᠵᠠᠩ ᠴᠥᠨ ᠡᠾᠦ᠋ᠢ ᠲᠠᠭᠠᠭᠠᠴᠢᠯᠠᠭᠰᠠᠨ ᠭᠣᠣᠯ ᠬᠤᠳ᠋ᠠ ᠶᠢᠨ ᠲᠤᠭᠤᠷᠢᠭ ᠤᠨ ᠰᠠᠭᠤᠭᠠᠯᠢ ᠠᠷᠠᠳ ᠤᠨ ᠲᠤᠭᠤᠷᠢᠭ ᠪᠤᠯᠤᠨ ᠡᠯ᠎ᠠ ᠪᠦᠬᠡᠮ ᠬᠦᠴᠢᠯ ᠤᠨ ᠪᠠᠢ᠌ᠴᠠᠭᠠᠬᠤ ᠴᠡᠭ᠌ ᠲᠤ ᠭᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ᠃

ᠡᠦ ᠴᠢᠩ ᠬᠠᠢ ᠨᠡᠷ ᠤᠷᠢᠳ ᠬᠣᠵᠢᠳ ᠭᠣᠣᠯ ᠬᠤᠳ᠋ᠠ ᠶᠢᠨ ᠲᠤᠭᠤᠷᠢᠭ ᠤᠨ ᠯᠢᠦ ᠹᠦ ᠵᠢᠶᠠ ᠶᠤᠸᠠᠨ ᠰᠠᠭᠤᠭᠠᠯᠢ ᠲᠤᠭᠤᠷᠢᠭ᠂ ᠷᠠᠳ᠋ᠢᠦ᠊ ᠲᠸᠯᠸᠢᠰ ᠦᠨ ᠰᠠᠭᠤᠭᠠᠯᠢ ᠲᠤᠭᠤᠷᠢᠭ᠂ ᠱᠢ ᠵᠢᠨ ᠵᠢᠶᠠ ᠶᠤᠸᠠᠨ ᠰᠠᠭᠤᠭᠠᠯᠢ ᠲᠤᠭᠤᠷᠢᠭ᠂ ᠤᠯᠠᠭᠠᠨᠮᠦ᠋ᠴᠢᠷ ᠰᠠᠭᠤᠭᠠᠯᠢ ᠲᠤᠭᠤᠷᠢᠭ᠂ ᠨᠠᠪᠴᠢᠨ ᠲᠠᠮᠠᠬᠢᠨ ᠤ ᠭᠡᠷ ᠪᠦᠯᠢ ᠶᠢᠨ ᠠᠰᠠᠷ᠂ ᠤᠰᠤᠨ ᠤ ᠶᠠᠪᠤᠳ᠋ᠠᠯ ᠤᠨ ᠲᠤᠪᠴᠢᠶᠠᠨ ᠤ ᠭᠡᠷ ᠪᠦᠯᠢ ᠶᠢᠨ ᠠᠰᠠᠷ᠂ ᠡᠳ᠋ ᠦᠨ ᠵᠠᠰᠠᠭ ᠤᠨ ᠲᠤᠪᠴᠢᠶᠠᠨ ᠤᠨ ᠠᠰᠠᠷ ᠶᠢᠨ ᠡᠮᠦᠨ᠎ᠠ᠂ ᠰᠢᠶᠠᠩ ᠭᠧ ᠯᠢ ᠯᠠ ᠰᠠᠭᠤᠭᠠᠯᠢ ᠲᠤᠭᠤᠷᠢᠭ᠂ ᠹᠸᠩ ᠬᠤᠸᠠᠩ ᠴᠸᠩ ᠰᠠᠭᠤᠭᠠᠯᠢ ᠲᠤᠭᠤᠷᠢᠭ᠂ ᠰᠢᠶᠠᠩ ᠲᠡᠶ ᠵᠢᠶᠠ ᠶᠤᠸᠠᠨ᠂ ᠢᠦᠢ ᠯᠦ᠋ᠩ ᠨᠡᠢ᠌ᠭᠡᠮ ᠲᠤᠭᠤᠷᠢᠭ᠂ ᠠᠵᠢᠯ ᠤᠯᠭᠤᠯᠲᠠ ᠶᠢᠨ ᠲᠤᠪᠴᠢᠶ᠎ᠠ ᠶᠢᠨ ᠰᠠᠭᠤᠭᠠᠯᠢ ᠲᠤᠭᠤᠷᠢᠭ᠂ ᠹᠦ ᠯᠢ ᠴᠥᠨ ᠴᠸᠩ ᠰᠠᠭᠤᠭᠠᠯᠢ ᠲᠤᠭᠤᠷᠢᠭ ᠵᠡᠷᠭᠡ ᠭᠠᠵᠠᠷ ᠲᠤ ᠬᠦᠷᠴᠦ᠂ ᠪᠦᠭᠡᠮ ᠬᠦᠴᠢᠯ ᠶᠢᠨ ᠪᠠᠢ᠌ᠴᠠᠭᠠᠯᠳ᠋ᠠ ᠶᠢᠨ ᠦᠯᠢᠭᠡᠷ ᠠᠪᠬᠤ᠂ ᠠᠵᠢᠯᠳ᠋ᠡᠨ ᠤ ᠲᠤᠬᠢᠷᠠᠭᠤᠯᠤᠯᠳ᠋ᠠ᠂ ᠣᠷᠴᠢᠨ ᠲᠤᠭᠤᠷᠢᠨ ᠢ ᠠᠷᠢᠭᠤᠤᠳᠬᠠᠬᠤ ᠪᠠ ᠰᠡᠷᠭᠡᠢ᠌ᠯᠡᠨ ᠡᠵᠡᠮᠳ᠋ᠡᠬᠦ ᠴᠡᠭ᠌ ᠦᠨ ᠡᠳ᠋ᠦᠷ ᠲᠤᠳ᠋ᠤᠮ ᠤᠨ ᠬᠠᠮᠢᠶᠠᠷᠤᠯᠳ᠋ᠠ ᠶᠢᠨ ᠡᠵᠡᠮᠳ᠋ᠡᠯ᠂ ᠭᠡᠷ ᠲᠡᠭᠡᠨ ᠲᠤᠰᠠᠭᠠᠷᠯᠠᠭᠳ᠋ᠠᠭᠰᠠᠨ ᠬᠦᠮᠦᠰ ᠤᠨ ᠪᠠᠢ᠌ᠳ᠋ᠠᠯ᠂ ᠰᠡᠷᠭᠡᠢ᠌ᠯᠡᠨ ᠡᠵᠡᠮᠳ᠋ᠡᠬᠦ ᠤᠬᠠᠭᠤᠯᠭ᠎ᠠ᠂ ᠪᠠᠴᠢᠮ ᠪᠠᠢ᠌ᠳ᠋ᠠᠯ ᠢ ᠠᠷᠭᠠᠴᠠᠨ ᠰᠢ᠌ᠳᠪᠦᠷᠢᠯᠡᠬᠦ᠂ ᠡᠳ᠋ ᠪᠤᠳ᠋ᠠᠰ ᠤᠨ ᠪᠠᠳ᠋ᠤᠯᠠᠭ᠎ᠠ ᠵᠡᠷᠭᠡ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠤᠢ᠌ᠯᠠᠭᠠᠬᠤ ᠶᠢᠨ ᠬᠠᠮᠳ᠋ᠤ ᠨᠡᠢ᠌ᠭᠡᠮ ᠲᠤᠭᠤᠷᠢᠭ ᠤᠨ ᠠᠵᠢᠯᠳ᠋ᠡᠳ᠂ ᠰᠠᠢ᠌ᠨ ᠲᠤᠷ᠎ᠠ ᠶᠢᠨ ᠦᠢᠯᠡᠴᠢᠯᠡᠭ᠍ᠴᠢᠳ ᠲᠡᠶ ᠲᠤᠳ᠋ᠤᠨᠤ ᠪᠠᠷ ᠶᠠᠷᠢᠯᠴᠡᠨ᠂ ᠲᠡᠳ᠋ᠡᠨ ᠢ ᠬᠤᠪᠢ ᠪᠡᠶ᠎ᠠ ᠶᠢᠨ ᠬᠠᠮᠠᠭᠠᠯᠠᠯᠳ᠋ᠠ ᠪᠠᠨ ᠰᠠᠢ᠌ᠳ᠋ᠤᠷ ᠬᠢᠵᠦ᠂ ᠪᠦᠬᠦ ᠬᠦᠴᠦ ᠪᠠᠷ ᠶᠢᠡᠨ ᠴᠢᠷᠮᠠᠢ᠌ᠬᠤ ᠶᠢ ᠪᠠᠷᠢᠮᠳ᠋ᠡᠯᠡᠨ᠂ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠭᠡᠵᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠦ᠋ᠢᠯ ᠦᠨ ᠡᠭᠦᠷᠭᠡ ᠶᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦ᠋ᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠶᠢ ᠬᠠᠮᠠᠭᠠᠯᠠᠬᠤ ᠬᠡᠷᠡᠭᠲᠡᠢ ᠭᠡᠵᠦ ᠵᠠᠬᠢᠪᠠ᠃

ᠡᠦ ᠴᠢᠩ ᠬᠠᠢ ᠡᠴᠡ᠂ ᠰᠠᠭᠤᠭᠠᠯᠢ ᠠᠷᠠᠳ ᠤᠨ ᠲᠤᠭᠤᠷᠢᠭ ᠪᠣᠯ ᠬᠢᠵᠢᠭ᠌ ᠦᠨ ᠪᠠᠢ᠌ᠳ᠋ᠠᠯ ᠢ ᠬᠤᠯᠪᠤᠭᠠᠯᠠᠨ ᠰᠡᠷᠭᠡᠢ᠌ᠯᠡᠵᠦ ᠬᠤᠯᠪᠤᠭᠠᠯᠠᠨ ᠡᠵᠡᠮᠳ᠋ᠡᠬᠦ᠂ ᠤᠯᠠᠨ ᠶᠢᠡᠷ ᠵᠢᠠᠨ ᠰᠡᠷᠭᠡᠢ᠌ᠯᠡᠨ ᠤᠯᠠᠨ ᠶᠢᠡᠷ ᠶᠢᠡᠨ ᠡᠵᠡᠮᠳ᠋ᠡᠬᠦ ᠡᠮᠦᠨ᠎ᠠ ᠹᠷᠤᠨᠲ ᠪᠤᠯᠤᠨ᠎ᠠ᠃ ᠯᠦ᠋ᠪᠸᠢ ᠵᠡᠭᠡᠯᠢ ᠭᠤᠳ᠋ᠤᠮᠵᠢ ᠶᠢᠨ ᠨᠡᠢ᠌ᠭᠡᠮ ᠲᠤᠭᠤᠷᠢᠭ᠂ ᠠᠳ᠋ᠠᠯ ᠠᠬᠤᠢ ᠵᠡᠷᠭᠡ ᠡᠯ᠎ᠠ ᠰᠠᠯᠠᠭ᠎ᠠ ᠮᠦ᠋ᠴᠢᠷ ᠤᠨ ᠬᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠢ ᠴᠢᠩᠭ᠎ᠠ ᠨᠠᠢ᠌ᠳ᠋ᠠᠪᠤᠷᠢᠵᠢᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠢ᠌ᠯᠡᠨ ᠡᠵᠡᠮᠳ᠋ᠡᠬᠦ᠂ ᠤᠨᠤᠪᠴᠢᠳ᠋ᠠᠢ ᠪᠠᠷ ᠰᠡᠷᠭᠡᠢ᠌ᠯᠡᠨ ᠡᠵᠡᠮᠳ᠋ᠡᠬᠦ ᠬᠢᠷᠢ ᠲᠦ᠋ᠪᠰᠢᠨ ᠢ ᠲᠠᠰᠤᠷᠠᠯᠳ᠋ᠠ ᠦᠭᠡᠶ ᠲᠡᠭᠡᠭ᠍ᠰᠢᠯᠡᠭᠦᠯᠵᠦ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠶᠡᠬᠡ ᠲᠠᠯ᠎ᠠ ᠶᠢᠨ ᠤᠬᠠᠮᠰᠡᠷ ᠵᠢᠠᠨ ᠲᠡᠭᠡᠭ᠍ᠰᠢᠯᠡᠭᠦᠯᠦᠨ᠂ ᠬᠠᠷᠢᠭᠤᠴᠠᠯᠭ᠎ᠠ ᠪᠠ ᠡᠭᠦᠷᠭᠡ ᠪᠡᠨ ᠦᠨᠡᠨᠬᠦ ᠡᠭᠦᠷᠭᠡᠯᠡᠵᠦ᠂ ᠬᠤᠰᠢᠭᠤᠨ ᠦ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠵᠢᠯᠤᠭᠤᠳᠬᠤ ᠭᠠᠵᠠᠷ ᠤᠨ ᠡᠯ᠎ᠠ ᠵᠦ᠋ᠢᠯ ᠦᠨ ᠠᠷᠭ᠎ᠠ ᠠᠪᠴᠠᠯ ᠢ ᠡᠷᠡᠰ ᠨᠠᠢ᠌ᠳ᠋ᠠᠪᠤᠷᠢᠵᠢᠭᠤᠯᠤᠨ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ 《ᠵᠠᠩᠬᠢᠯᠠᠭ᠎ᠠ ᠶᠢᠨ ᠰᠡᠷᠭᠡᠢ᠌ᠯᠡᠯᠳ᠋ᠡ ᠶᠢᠨ ᠱᠤᠭᠤᠮ》 ᠢ ᠬᠠᠮᠳ᠋ᠤᠪᠠᠷ ᠰᠠᠢ᠌ᠳ᠋ᠤᠷ ᠰᠠᠬᠢᠬᠤ ᠬᠡᠷᠡᠭ᠍ᠳ᠋ᠠᠢ᠃ ᠨᠡᠢ᠌ᠭᠡᠮ ᠲᠤᠭᠤᠷᠢᠭ ᠤᠨ ᠨᠠᠮ ᠤᠨ ᠡᠭᠦᠷ ᠦᠨ ᠲᠠᠢ᠌ᠴᠢᠨ ᠪᠡᠬᠢᠯᠡᠯᠳ᠋ᠡ ᠪᠤᠯᠤᠨ ᠨᠠᠮ ᠤᠨ ᠭᠡᠰᠢᠭᠦᠨ ᠦ ᠬᠤᠰᠢᠭᠤᠴᠢ ᠵᠢᠱᠢᠶᠡᠴᠢ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠤᠯᠠᠨ ᠲᠦ᠋ᠮᠡᠨ ᠦ ᠦᠨᠳ᠋ᠦᠰᠦᠨ ᠠᠮᠢᠳ᠋ᠤᠷᠠᠯ ᠪᠤᠯᠤᠨ ᠬᠢᠵᠢᠭ᠌ ᠢ ᠰᠡᠷᠭᠡᠢ᠌ᠯᠡᠬᠦ ᠡᠳ᠋ ᠪᠤᠳ᠋ᠠᠰ ᠤᠨ ᠬᠠᠩᠭ᠋ᠠᠯᠭ᠎ᠠ ᠶᠢᠨ ᠪᠠᠳ᠋ᠤᠯᠠᠭ᠎ᠠ ᠶᠢᠨ ᠠᠵᠢᠯ ᠢ ᠯᠠᠪᠳ᠋ᠠᠭᠤᠨ ᠪᠠᠳ᠋ᠤᠳ᠋ᠠᠢ ᠨᠠᠷᠢᠨ ᠨᠢᠮᠪᠠᠢ ᠬᠢᠵᠦ᠂ ᠨᠡᠢ᠌ᠭᠡᠮ ᠲᠤᠭᠤᠷᠢᠭ ᠤᠨ ᠪᠠᠢ᠌ᠩᠭ᠋ᠤᠵᠢᠭᠰᠠᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠲᠡᠭᠦᠯᠳ᠋ᠡᠷᠵᠢᠬᠦᠯᠦᠨ᠂ ᠰᠠᠭᠤᠭᠠᠯᠢ ᠠᠷᠠᠳ ᠤᠨ ᠲᠤᠭᠤᠷᠢᠭ ᠤᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠤᠬᠠᠮᠰᠡᠷ ᠢ ᠴᠢᠩᠭ᠋ᠠᠳᠬᠠᠵᠤ᠂ ᠨᠡᠢ᠌ᠭᠡᠮ ᠲᠤᠭᠤᠷᠢᠭ ᠢ ᠤᠯᠠᠨ ᠶᠢᠡᠷ ᠵᠢᠠᠨ ᠰᠡᠷᠭᠡᠢ᠌ᠯᠡᠵᠦ ᠤᠯᠠᠨ ᠶᠢᠡᠷ ᠵᠢᠠᠨ ᠡᠵᠡᠮᠳ᠋ᠡᠬᠦ ᠴᠢᠩᠭ᠎ᠠ ᠨᠢᠬᠲᠡ ᠰᠡᠷᠭᠡᠢ᠌ᠯᠡᠯᠳ᠋ᠡ ᠶᠢᠨ ᠱᠤᠭᠤᠮ ᠢ ᠬᠠᠮᠳ᠋ᠤᠪᠠᠷ ᠪᠡᠬᠢᠵᠢᠭᠦᠯᠬᠦ ᠬᠡᠷᠡᠭ᠍ᠲᠡᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)