ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠲᠠᠭᠠᠭᠠᠴᠢᠯᠠᠭᠰᠠᠨ ᠰᠠᠭᠤᠭᠠᠯᠢ᠁
ᠡᠦ ᠴᠢᠩ ᠬᠠᠢ ᠲᠠᠭᠠᠭᠠᠴᠢᠯᠠᠭᠰᠠᠨ ᠰᠠᠭᠤᠭᠠᠯᠢ ᠠᠷᠠᠳ ᠤᠨ ᠲᠤᠭᠤᠷᠢᠭ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ

         

          11ᠰᠠᠷ᠎ᠠ ᠶᠢᠨ 19  ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠠᠭᠠᠭᠠᠴᠢᠯᠠᠭᠰᠠᠨ ᠭᠣᠣᠯ ᠬᠤᠳ᠋ᠠ ᠶᠢᠨ ᠲᠤᠭᠤᠷᠢᠭ ᠤᠨ ᠪᠦᠭᠡᠮ ᠬᠦᠴᠢᠯ ᠦᠨ ᠦᠯᠢᠭᠡᠷ ᠠᠪᠬᠤ ᠴᠡᠭ᠌ ᠪᠠ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠪᠠᠢ᠌ᠴᠠᠭᠠᠨ ᠵᠢᠯᠤᠭᠤᠳ᠋ᠤᠭᠰᠠᠨ ᠪᠦᠭᠡᠳ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠪᠠᠲᠤ ᠰᠠᠬᠢᠨ ᠵᠢᠵᠢᠭᠦᠷᠯᠡᠵᠦ ᠪᠠᠢ᠌ᠬᠤ ᠬᠦᠮᠦᠰ ᠶᠢ ᠪᠤᠯᠭᠤᠭᠠᠨ ᠲᠤᠬᠤᠨᠢᠭᠤᠯᠪᠠ᠃

         

           19 ᠤ ᠤᠷᠤᠢ᠂ ᠡᠦ ᠴᠢᠩ ᠬᠠᠢ ᠤᠷᠢᠳ ᠬᠣᠵᠢᠳ ᠬᠠᠭᠤᠴᠢᠨ ᠤᠰᠤᠨ ᠤ ᠶᠠᠪᠤᠳ᠋ᠠᠯ ᠤᠨ ᠲᠤᠪᠴᠢᠶᠠᠨ ᠦ ᠭᠡᠷ ᠪᠦᠯᠢ ᠶᠢᠨ ᠠᠰᠠᠷ᠂ ᠰᠢᠨ᠎ᠠ ᠡᠳ᠋ ᠦᠨ ᠵᠠᠰᠠᠭ ᠤᠨ ᠲᠤᠪᠴᠢᠶᠠᠨ ᠤ  ᠭᠡᠷ ᠪᠦᠯᠢ ᠶᠢᠨ ᠠᠰᠠᠷ᠂ ᠬᠠᠭᠤᠴᠢᠨ ᠵᠠᠮ ᠬᠠᠷᠢᠯᠴᠠᠭᠠᠨ ᠤ ᠴᠠᠭᠳ᠋ᠠᠭᠠᠨ ᠤ ᠭᠡᠷ ᠪᠦᠯᠢ ᠶᠢᠨ ᠠᠰᠠᠷ᠂ ᠬᠠᠭᠤᠴᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠩᠭᠢ ᠶᠢᠨ ᠭᠡᠷ ᠪᠦᠯᠢ ᠶᠢᠨ ᠠᠰᠠᠷ᠂ ᠢ ᠶᠤᠸᠠᠨ ᠭᠡᠷ ᠪᠦᠯᠢ ᠶᠢᠨ ᠠᠰᠠᠷ᠂ ᠲᠤᠷᠰᠢᠯᠳ᠋ᠠ ᠶᠢᠨ ᠪᠠᠭ᠎ᠠ ᠰᠤᠷᠭᠠᠭᠤᠯᠢ ᠶᠢᠨ ᠶᠡᠷᠦᠩᠬᠡᠢ᠌ᠯᠡᠭ᠍ᠰᠡᠨ ᠠᠰᠠᠷ ᠵᠡᠷᠭᠡ ᠭᠠᠵᠠᠷ ᠲᠤ ᠬᠦᠷᠴᠦ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ  ᠰᠦ᠋ᠨᠢ ᠶᠢᠨ ᠵᠢᠵᠢᠭᠦᠷᠯᠡᠨ ᠰᠠᠬᠢᠵᠤ ᠪᠠᠢ᠌ᠭ᠎ᠠ ᠪᠠᠢ᠌ᠳ᠋ᠠᠯ ᠢ ᠪᠠᠢ᠌ᠴᠠᠭᠠᠨ ᠵᠢᠯᠤᠭᠤᠳᠴᠦ᠂ ᠤᠯᠠᠨ ᠢ ᠬᠤᠪᠢ ᠪᠡᠶ᠎ᠠ ᠶᠢᠨ ᠰᠡᠷᠭᠡᠢ᠌ᠯᠡᠨ ᠬᠠᠮᠠᠭᠠᠯᠠᠯᠳ᠋ᠠ ᠪᠠᠨ ᠰᠠᠢ᠌ᠳ᠋ᠤᠷ ᠬᠢᠵᠦ᠂ ᠠᠵᠢᠯᠯᠠᠵᠤ ᠠᠮᠠᠷᠠᠬᠤ ᠪᠠᠨ ᠤᠶᠠᠯᠳ᠋ᠤᠭᠤᠯᠬᠤ ᠶᠢ ᠠᠩᠬᠠᠷᠤᠨ᠂ ᠡᠭᠡᠯᠵᠢᠯᠡᠨ ᠵᠢᠵᠢᠭᠦᠷᠯᠡᠵᠦ ᠰᠠᠬᠢᠬᠤ ᠠᠵᠢᠯ ᠢ ᠰᠠᠢ᠌ᠳ᠋ᠤᠷ ᠬᠢᠵᠦ᠂ ᠤᠯᠠᠨ ᠲᠦ᠋ᠮᠡᠨ ᠦ ᠠᠮᠢ ᠨᠠᠰᠤ ᠪᠠ ᠡᠷᠡᠭᠦᠯ ᠮᠡᠨᠳ᠋ᠦ ᠶᠢᠨ ᠠᠮᠤᠷ ᠲᠦ᠋ᠪᠰᠢᠨ ᠢ ᠪᠦᠬᠦ ᠬᠦᠴᠦᠨ ᠶᠢᠡᠷ ᠪᠡᠨ ᠰᠠᠢ᠌ᠳ᠋ᠤᠷ ᠰᠠᠬᠢᠨ  ᠬᠠᠮᠠᠭᠠᠯᠠᠬᠤ ᠬᠡᠷᠡᠭ᠍ᠲᠡᠢ ᠭᠡᠵᠦ ᠲᠠᠬᠢᠨ ᠲᠠᠪᠳ᠋ᠠᠨ ᠵᠠᠬᠢᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠡᠮᠦᠨ᠎ᠠ ᠹᠷᠤᠨᠲ ᠲᠤ ᠭᠦᠨᠵᠡᠭᠡᠢ᠌ᠷᠡᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠤᠰᠢᠭᠤᠴᠢ ᠠᠩᠭᠢ ᠪᠤᠯᠵᠤ ᠪᠠᠢ᠌ᠭ᠎ᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠤᠳ᠋ᠠᠳ᠋ᠤ ᠦᠢᠯᠡ ᠠᠵᠢᠯᠯᠠᠭ᠎ᠠ ᠪᠠᠷ ᠵᠢᠠᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠱᠤᠭᠤᠮ ᠢ ᠪᠠᠲᠤ ᠴᠤᠭᠴᠠᠯᠠᠵᠤ ᠪᠠᠢ᠌ᠭ᠎ᠠ