ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠤᠳ᠋ᠠᠳ᠋ᠤ ᠦᠢᠯᠡ ᠠᠵᠢᠯᠯᠠᠭ᠎ᠠ ᠪᠠᠷ ᠵᠢᠠᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠱᠤᠭᠤᠮ ᠢ ᠪᠠᠲᠤ ᠴᠤᠭᠴᠠᠯᠠᠵᠤ ᠪᠠᠢ᠌ᠭ᠎ᠠ

ᠬᠦᠨᠳ᠋ᠦ ᠨᠤᠴᠢᠳ᠋ᠠᠢ ᠨᠠᠷᠢᠨ ᠪᠤᠳ᠋ᠤᠯᠢᠶᠠᠨᠳ᠋ᠠᠢ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠳ᠋ᠠᠯ ᠤᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠠᠴᠢᠮ ᠲᠤᠯᠭᠠᠮ᠎ᠠ ᠰᠡᠳᠭᠢᠯᠭᠡ ᠪᠠ ᠲᠡᠭᠡᠳ᠋ᠦ ᠬᠡᠮᠵᠢᠶᠡᠨ ᠦ ᠬᠠᠷᠢᠭᠤᠴᠠᠯᠭᠠᠳ᠋ᠤ ᠰᠡᠳᠭᠢᠯᠭᠡ ᠪᠠᠷ᠂ ᠨᠠᠮ ᠤᠨ ᠤᠷᠢᠶᠠᠯᠠᠭ᠎ᠠ ᠶᠢ ᠢᠳ᠋ᠡᠪᠬᠢᠳ᠋ᠠᠢ ᠲᠠᠭᠠᠵᠤ᠂ ᠬᠤᠰᠢᠭᠤᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠲᠤᠬᠢᠷᠠᠭᠤᠯᠤᠯᠳ᠋ᠠ ᠪᠠᠢ᠌ᠷᠢᠯᠠᠭᠤᠯᠤᠯᠳ᠋ᠠ ᠶᠢ ᠴᠢᠩᠭ᠎ᠠ ᠨᠠᠢ᠌ᠳ᠋ᠠᠪᠤᠷᠢᠵᠢᠭᠤᠯᠤᠨ᠂ 《ᠬᠢᠵᠢᠭ᠌ ᠦᠨ ᠪᠠᠢ᠌ᠳ᠋ᠠᠯ ᠪᠣᠯ ᠵᠠᠷᠯᠢᠭ᠂ ᠰᠡᠷᠭᠡᠢ᠌ᠯᠡᠨ ᠡᠵᠡᠮᠳ᠋ᠡᠬᠦ ᠪᠣᠯ ᠬᠠᠷᠢᠭᠤᠴᠠᠯᠭ᠎ᠠ ᠮᠦ᠋ᠨ》 ᠭᠡᠬᠦ ᠠᠵᠢᠯ ᠤᠨ ᠱᠠᠭᠠᠷᠳ᠋ᠠᠯᠭ᠎ᠠ ᠶᠢ ᠨᠠᠷᠢᠨ ᠬᠢᠨᠠᠮᠠᠭᠠᠢ ᠦᠢᠯᠡᠳ᠋ᠦᠯᠭᠡᠵᠢᠭᠦᠯᠵᠦ᠂ ᠨᠠᠮ ᠤᠨ ᠵᠤᠬᠢᠶᠠᠨ ᠪᠠᠢ᠌ᠭᠤᠯᠤᠯᠳ᠋ᠠ ᠶᠢ ᠨᠢᠭᠡᠳ᠋ᠦᠯᠳ᠋ᠠᠢ ᠲᠦ᠋ᠯᠦᠪᠯᠡᠨ ᠵᠤᠬᠢᠴᠠᠭᠤᠯᠵᠤ᠂ ᠤᠳ᠋ᠤᠷᠢᠳᠬᠤ ᠪᠠᠭ ᠤᠨ ᠪᠦᠷᠢᠯᠳ᠋ᠦᠭᠦᠨ ᠠᠵᠢᠯ ᠬᠤᠪᠢᠶᠠᠨ ᠬᠠᠷᠢᠭᠤᠴᠠᠵᠤ᠂ 20 ᠭᠠᠷᠤᠢ ᠨᠠᠮ ᠤᠨ ᠭᠡᠰᠢᠭᠦᠨ ᠺᠠᠳ᠋ᠷ ᠢ ᠡᠯ᠎ᠠ ᠰᠠᠭᠤᠭᠠᠯᠢ ᠠᠷᠠᠳ ᠤᠨ ᠲᠤᠭᠤᠷᠢᠭ᠂ ᠪᠦᠭᠡᠮ ᠬᠦᠴᠢᠯ ᠦᠨ ᠦᠯᠢᠭᠡᠷ ᠠᠪᠬᠤ ᠴᠡᠭ᠌ ᠪᠠ ᠵᠠᠮ ᠬᠠᠷᠢᠯᠴᠠᠭᠠᠨ ᠤ ᠪᠤᠭᠤᠮᠳ᠋ᠠ ᠳ᠋ᠦ ᠲᠤᠮᠢᠯᠠᠨ᠂ ᠠᠮᠠᠪᠴᠢ ᠵᠡᠭᠦᠵᠦ᠂ ᠮᠠᠢ᠌ᠬᠠᠨ ᠪᠤᠰᠬᠠᠨ᠂ ᠡᠳ᠋ᠦᠷ ᠰᠦ᠋ᠨᠢ ᠦᠭᠡᠶ ᠠᠵᠢᠯ ᠤᠨ ᠪᠠᠢ᠌ᠷᠢ ᠪᠠᠨ ᠪᠠᠲᠤ ᠰᠠᠬᠢᠵᠤ᠂ ᠨᠡᠢ᠌ᠭᠡᠮ ᠲᠤᠭᠤᠷᠢᠭ ᠢ ᠬᠠᠮᠵᠢᠨ ᠤᠷᠴᠢᠨ ᠲᠤᠭᠤᠷᠢᠨ ᠢ ᠠᠷᠢᠭᠤᠳᠬᠠᠬᠤ᠂ ᠪᠦᠭᠡᠮ ᠬᠦᠴᠢᠯ ᠦᠨ ᠪᠠᠢ᠌ᠴᠠᠭᠠᠯᠳ᠋ᠠ᠂ ᠰᠠᠭᠤᠭᠠᠯᠢ ᠠᠷᠠᠳ ᠤᠨ ᠲᠤᠭᠤᠷᠢᠭ ᠢ ᠵᠢᠵᠢᠭᠦᠷᠯᠡᠨ ᠰᠠᠬᠢᠬᠤ᠂ ᠺᠤᠳ᠋ ᠰᠢᠷᠪᠢᠵᠤ ᠪᠠᠢ᠌ᠴᠠᠭᠠᠬᠤ᠂ ᠡᠮᠬᠢ ᠵᠢᠷᠤᠮ ᠢ ᠬᠠᠮᠠᠭᠠᠯᠠᠬᠤ᠂ ᠰᠡᠷᠭᠡᠢ᠌ᠯᠡᠨ ᠬᠠᠮᠠᠭᠠᠯᠠᠬᠤ ᠡᠳ᠋ ᠪᠤᠳ᠋ᠠᠰ ᠲᠠᠷᠬᠠᠭᠠᠬᠤ ᠵᠡᠷᠭᠡ ᠠᠵᠢᠯ ᠢ ᠬᠢᠬᠦ ᠶᠢᠨ ᠬᠠᠮᠳ᠋ᠤ ᠬᠢᠵᠢᠭ᠌ ᠢ ᠰᠡᠷᠭᠡᠢ᠌ᠯᠡᠬᠦ ᠲᠥᠷᠥ ᠶᠢᠨ ᠪᠤᠳ᠋ᠤᠯᠭ᠎ᠠ᠂ ᠰᠠᠭᠤᠭᠠᠯᠢ ᠠᠷᠠᠳ ᠴᠢᠬᠤᠯᠠ ᠦᠭᠡᠶ ᠪᠣᠯ ᠭᠠᠳ᠋ᠠᠭᠰᠢ ᠭᠠᠷᠬᠤ ᠦᠭᠡᠶ ᠶᠢ ᠢᠳᠬᠠᠬᠤ ᠵᠡᠷᠭᠡ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠤᠬᠠᠭᠤᠯᠪᠠ᠃



ᠰᠠᠢ᠌ᠨ ᠲᠤᠷᠠᠴᠤᠳ ᠦᠪᠡᠷ ᠦᠨ ᠦᠢᠯᠡ ᠠᠵᠢᠯᠯᠠᠭ᠎ᠠ ᠪᠠᠷ ᠶᠢᠡᠨ ᠤᠯᠠᠨ ᠲᠦ᠋ᠮᠡᠨ ᠳ᠋ᠦ ᠬᠢᠵᠢᠭ᠌ ᠲᠡᠶ ᠲᠡᠮᠡᠴᠡᠬᠦ ᠰᠡᠷᠭᠡᠢ᠌ᠯᠡᠯᠳ᠋ᠡ ᠶᠢᠨ ᠱᠤᠭᠤᠮ ᠢ ᠪᠠᠢ᠌ᠭᠤᠯᠵᠤ᠂ ᠤᠯᠠᠨ ᠲᠦ᠋ᠮᠡᠨ ᠦ ᠠᠮᠢ ᠨᠠᠰᠤᠨ ᠤ ᠠᠮᠤᠷ ᠲᠦ᠋ᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠶᠢ ᠦᠨᠡᠨᠬᠦ ᠪᠠᠳ᠋ᠤᠯᠠᠨ᠂ ᠬᠢᠵᠢᠭ᠌ ᠦᠨ ᠪᠠᠢ᠌ᠳ᠋ᠠᠯ ᠲᠠᠷᠬᠠᠨ ᠲᠡᠯᠭᠡᠷᠡᠬᠦ ᠶᠢ ᠡᠷᠡᠰ ᠬᠤᠷᠢᠭᠯᠠᠬᠤ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠡᠮᠡᠴᠡᠯ ᠦᠨ ᠢᠯᠠᠯᠳ᠋ᠠ ᠶᠢ ᠣᠯᠬᠤ ᠳᠤ ᠦᠪᠡᠷ ᠦᠨ ᠬᠦᠴᠦᠨ ᠴᠢᠳ᠋ᠠᠯ ᠶᠢᠡᠨ ᠬᠠᠷᠠᠮ ᠦᠭᠡᠶ ᠵᠤᠷᠢᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠡᠴᠡ ᠡᠯ᠎ᠠ ᠵᠦ᠋ᠢᠯ ᠦᠨ ᠰᠡᠷᠭᠡᠢ᠌ᠯᠡᠨ ᠡᠵᠡᠮᠳ᠋ᠡᠬᠦ ᠠᠷᠭ᠎ᠠ ᠬᠡᠮᠵᠢᠶ᠎ᠠ ᠶᠢ ᠦᠷᠭᠦᠯᠵᠢᠯᠡᠨ ᠨᠠᠷᠢᠯᠢᠭ ᠪᠤᠳ᠋ᠠᠳ᠋ᠠᠢ ᠨᠠᠢ᠌ᠳ᠋ᠠᠪᠤᠷᠢᠵᠢᠭᠤᠯᠤᠨ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠠᠢ᠌ᠯᠠᠯᠳ᠋ᠤᠭᠠᠨ ᠤ ᠢᠯᠠᠯᠳ᠋ᠠ ᠶᠢ ᠡᠷᠡᠰ ᠲᠡᠮᠡᠴᠡᠨ ᠤᠯᠤᠨ᠎ᠠ᠃ (ᠨᠠᠢ᠌ᠷᠠᠭᠤᠯᠤᠭᠴᠢ᠄ ᠯᠸᠢ ᠫᠠᠩ)