ᠵᠠᠩ ᠫᠢᠨ ᠢ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠤᠮᠳ᠋ᠡ ᠡᠪ ᠬᠠᠮᠳ᠋ᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳ᠋ᠦᠯᠭᠡᠵᠢᠭᠦᠯᠵᠦ ᠪᠠᠢ᠌ᠭ᠎ᠠ

ᠬᠢᠵᠢᠭ᠌ ᠦᠨ ᠪᠠᠢ᠌ᠳ᠋ᠠᠯ ᠪᠣᠯ ᠵᠠᠷᠯᠢᠭ᠂ ᠰᠡᠷᠭᠡᠢ᠌ᠯᠡᠨ ᠡᠵᠡᠮᠳ᠋ᠡᠬᠦ ᠪᠣᠯ ᠬᠠᠷᠢᠭᠤᠴᠠᠯᠭ᠎ᠠ ᠮᠦ᠋ᠨ᠃ ᠬᠢᠵᠢᠭ᠌ ᠲᠡᠶ ᠲᠠᠮᠡᠴᠡᠬᠦ ᠲᠠᠢ᠌ᠯᠠᠯᠳ᠋ᠤᠭᠠᠨ ᠡᠬᠢᠯᠡᠭ᠍ᠰᠡᠨ ᠡᠴᠡ ᠨᠠᠭᠠᠰᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠳ᠋ ᠦᠨ ᠵᠠᠰᠠᠭ ᠠᠵᠤ ᠠᠬᠤᠢ ᠶᠢᠨ ᠵᠦ᠋ᠪᠯᠡᠯ ᠦᠨ ᠲᠡᠳ᠋ ᠡᠷᠬᠢᠯᠡᠭ᠍ᠴᠢ ᠵᠠᠩ ᠫᠢᠨ ᠢ ᠨᠠᠮ ᠤᠨ ᠤᠷᠢᠶᠠᠯᠠᠭ᠎ᠠ ᠶᠢ ᠢᠳ᠋ᠡᠪᠬᠢᠳ᠋ᠠᠢ ᠴᠤᠤᠷᠢᠶᠠᠳ᠋ᠤᠨ ᠲᠠᠭᠠᠵᠤ᠂ ᠨᠠᠮ ᠤᠨ ᠭᠡᠰᠢᠭᠦᠨ ᠦ ᠲᠡᠷᠢᠭᠦᠨ ᠦ ᠵᠢᠱᠢᠶᠡᠴᠢ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠬᠤᠰᠢᠭᠤᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠲᠤᠬᠢᠷᠠᠭᠤᠯᠤᠯᠳ᠋ᠠ ᠪᠠᠷ᠂ ᠤᠯᠠᠨ ᠵᠦ᠋ᠢᠯ ᠦᠨ ᠬᠦᠴᠢᠷ ᠪᠡᠷᠭᠡᠰᠢᠶᠡᠯ ᠢ ᠢᠯᠠᠨ ᠲᠠᠪᠠᠵᠤ᠂ ᠬᠢᠵᠢᠭ᠌ ᠦᠨ ᠡᠮᠦᠨ᠎ᠠ ᠹᠷᠤᠨᠲ ᠲᠤ ᠡᠷᠡᠯᠭᠡᠭᠯᠡᠨ ᠲᠡᠮᠡᠴᠡᠵᠦ᠂ ᠤᠯᠠᠨ ᠲᠦ᠋ᠮᠡᠨ ᠦ ᠠᠮᠢ ᠨᠠᠰᠤᠨ ᠤ ᠠᠮᠤᠷ ᠲᠦ᠋ᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠶᠢ ᠬᠠᠮᠠᠭᠠᠯᠠᠪᠠ᠃

《ᠪᠢ ᠪᠣᠯ ᠨᠢᠭᠡᠨ ᠡᠪ ᠬᠠᠮᠳ᠋ᠤ ᠨᠠᠮ ᠤᠨ ᠭᠡᠰᠢᠭᠦᠨ ᠮᠦ᠋ᠨ᠂ ᠤᠨᠴᠠᠭᠠᠢ ᠴᠠᠭ ᠦᠶ᠎ᠠ ᠳ᠋ᠦ ᠡᠮᠦᠨ᠎ᠠ ᠨᠢ ᠭᠠᠪᠰᠢᠭᠠᠢ᠌ᠯᠠᠪᠠᠯ ᠵᠤᠬᠢᠨ᠎ᠠ᠃》 ᠡᠨᠡ ᠪᠣᠯ ᠵᠠᠩ ᠫᠢᠨ ᠢ ᠶᠢᠨ ᠦᠷᠬᠦᠯᠵᠢ ᠶᠠᠷᠢᠳ᠋ᠠᠭ ᠦᠭᠡ ᠮᠦ᠋ᠨ᠃ ᠡᠨᠡ ᠵᠢᠯ ᠦᠨ 4 ᠳ᠋ᠤᠭᠡᠷ ᠰᠠᠷ᠎ᠠ ᠡᠴᠡ ᠡᠬᠢᠯᠡᠨ᠂ ᠵᠠᠩ ᠫᠢᠨ ᠢ 8 ᠠᠵᠢᠯᠳ᠋ᠡᠨ ᠢ ᠲᠠᠭᠠᠭᠤᠯᠤᠨ 20 ᠡᠳ᠋ᠦᠷ ᠦᠨ ᠬᠣᠭᠣᠴᠠᠭ᠎ᠠ ᠲᠡᠶ ᠲᠤᠰᠠᠭᠠᠷᠯᠠᠬᠤ ᠪᠠᠭᠤᠳ᠋ᠠᠯ ᠳ᠋ᠦ ᠬᠢᠵᠢᠭ᠌ ᠢ ᠰᠡᠷᠭᠡᠢ᠌ᠯᠡᠬᠦ ᠠᠵᠢᠯ ᠦᠷᠨᠢᠭᠦᠯᠦᠨ᠂ ᠭᠡᠰᠢᠭᠦᠳ ᠲᠡᠶ ᠪᠠᠨ ᠴᠤᠭ 24 ᠴᠠᠭ ᠶᠢᠡᠷ ᠵᠢᠵᠢᠭᠦᠷᠯᠡᠬᠦ ᠶᠢ ᠪᠠᠷᠢᠮᠳ᠋ᠠᠯᠠᠵᠤ᠂ ᠤᠷᠴᠢᠨ ᠲᠤᠭᠤᠷᠢᠨ ᠢ ᠠᠷᠢᠭᠤᠳᠬᠠᠬᠤ᠂ ᠬᠢᠨᠠᠨ ᠵᠢᠯᠤᠭᠤᠳᠴᠦ ᠲᠤᠬᠢᠷᠠᠭᠤᠯᠬᠤ᠂ ᠡᠯ᠎ᠠ ᠵᠦ᠋ᠢᠯ ᠦᠨ ᠮᠡᠳ᠋ᠡᠭᠡ ᠵᠠᠩᠭᠢ ᠶᠢ ᠲᠠᠩᠰᠠᠯᠠᠬᠤ᠂ ᠲᠤᠰᠠᠭᠠᠷᠯᠠᠵᠤ ᠪᠠᠢ᠌ᠬᠤ ᠬᠦᠮᠦᠰ ᠦᠨ ᠤᠷᠮ᠎ᠠ ᠰᠡᠳᠭᠢᠯᠭᠡ ᠶᠢ ᠲᠠᠢ᠌ᠳᠬᠤᠷᠠᠭᠤᠯᠬᠤ ᠵᠡᠷᠭᠡ ᠠᠵᠢᠯ ᠢ ᠬᠠᠯᠠᠰᠢᠷᠠᠯ ᠦᠭᠡᠶ ᠦᠷᠨᠢᠭᠦᠯᠵᠦ᠂ ᠠᠶᠤᠯ ᠲᠦ᠋ᠭ᠍ᠰᠢᠭᠦᠷᠢ ᠲᠡᠶ ᠠᠵᠢᠯ ᠦᠨ ᠡᠮᠦᠨ᠎ᠠ ᠠᠶᠤᠵᠦ ᠰᠦ᠋ᠷᠳ᠋ᠡᠯ ᠦᠭᠡᠢ ᠪᠠᠷ ᠡᠷᠡᠯᠭᠡᠭᠯᠡᠨ ᠲᠡᠮᠡᠴᠡᠵᠦ ᠪᠠᠢ᠌ᠯ᠎ᠠ᠃

ᠲᠠᠭᠠᠭᠤᠯᠤᠭᠴᠢ ᠪᠤᠯᠤᠭᠰᠠᠨ ᠤ ᠬᠤᠪᠢ ᠳᠤ᠂ ᠵᠠᠩ ᠫᠢᠨ ᠢ ᠶᠢᠨ ᠲᠠᠭᠠᠭᠤᠯᠤᠭᠰᠠᠨ ᠲᠤᠭᠤᠢ᠌ᠯᠠᠩ ᠨᠢ ᠨᠠᠮ ᠪᠤᠯᠤᠨ ᠵᠤᠬᠢᠶᠠᠨ ᠪᠠᠢ᠌ᠭᠤᠯᠤᠯᠳ᠋ᠠ ᠶᠢᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠭᠦᠷᠭᠡ ᠶᠢ ᠲᠡᠭᠦᠰ ᠠᠮᠵᠢᠯᠳ᠋ᠡ ᠲᠡᠶ ᠪᠡᠶᠡᠯᠡᠭᠦᠯᠦᠨ᠂ ᠲᠤᠳ᠋ᠤᠭᠠᠳ᠋ᠤ ᠭᠠᠳ᠋ᠠᠭᠠᠳ᠋ᠤ ᠬᠠᠮᠢᠶᠠᠷᠤᠯᠳ᠋ᠠ ᠶᠢᠨ ᠠᠵᠢᠯᠳ᠋ᠡᠳ ᠤᠨ ᠬᠠᠮᠳ᠋ᠤ ᠶᠢᠨ ᠰᠢᠷᠭᠠᠭᠤ ᠴᠢᠷᠮᠠᠢ᠌ᠯᠭ᠎ᠠ ᠲᠤᠤᠷ᠎ᠠ 4 ᠤᠳ᠋ᠠᠭ᠎ᠠ 40 ᠡᠳ᠋ᠦᠷ ᠲᠦ᠋ᠪᠯᠡᠷᠡᠭᠦᠯᠦᠨ ᠲᠤᠰᠠᠭᠠᠷᠯᠠᠵᠤ ᠠᠵᠢᠭᠯᠠᠬᠤ 200 ᠭᠠᠷᠤᠢ ᠬᠦᠮᠦᠨ ᠤᠳ᠋ᠠᠭ᠎ᠠ ᠶᠢᠨ ᠠᠨᠠᠭᠠᠬᠤ ᠤᠬᠠᠭᠠᠨ ᠤ ᠲᠤᠰᠠᠭᠠᠷᠯᠠᠵᠤ ᠠᠵᠢᠭᠯᠠᠬᠤ ᠠᠵᠢᠯ ᠢ ᠪᠡᠶᠡᠯᠡᠭᠦᠯᠪᠡ᠃

ᠬᠢᠵᠢᠭ᠌ ᠢ ᠰᠡᠷᠭᠡᠢ᠌ᠯᠡᠨ ᠡᠵᠡᠮᠳ᠋ᠡᠬᠦ ᠠᠵᠢᠯ ᠲᠣᠮᠳ᠋ᠡ᠂ ᠲᠣᠭ᠎ᠠ ᠲᠣᠮᠰᠢ ᠦᠭᠡᠶ ᠵᠠᠩ ᠫᠢᠨ ᠢ ᠡᠮᠦᠨ᠎ᠠ ᠹᠷᠤᠨᠲ ᠲᠤ ᠡᠷᠡᠯᠭᠡᠭᠯᠡᠨ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠭᠥᠯ ᠴᠢᠷᠮᠠᠢ᠌ᠯᠭ᠎ᠠ ᠭᠠᠷᠭᠠᠵᠤ᠂ ᠭᠡᠷ ᠪᠦᠯᠢ ᠪᠠᠨ ᠦᠷᠡᠭ᠍ᠳ᠋ᠡᠭᠦᠯᠵᠦ ᠤᠯᠠᠨ ᠲᠦ᠋ᠮᠡᠨ ᠦ ᠲᠥᠯᠥᠭᠡ ᠵᠢᠳᠭᠥᠨ᠂ ᠪᠤᠳ᠋ᠠᠳ᠋ᠤ ᠦᠢᠯᠡ ᠠᠵᠢᠯᠯᠠᠭ᠎ᠠ ᠪᠣᠯᠤᠨ ᠬᠠᠢ᠌ᠷ᠎ᠠ ᠰᠡᠳᠭᠢᠯᠭᠡ ᠪᠡᠷ ᠵᠢᠠᠨ ᠠᠷᠠᠳ ᠲᠦ᠋ᠮᠡᠨ ᠦ ᠠᠮᠢ ᠨᠠᠰᠤ ᠪᠠ ᠡᠷᠡᠭᠦᠯ ᠮᠡᠨᠳ᠋ᠦ ᠶᠢ ᠰᠠᠬᠢᠨ ᠬᠠᠮᠠᠭᠠᠯᠠᠵᠤ᠂ ᠰᠡᠷᠭᠡᠢ᠌ᠯᠡᠨ ᠡᠵᠡᠮᠳ᠋ᠡᠬᠦ ᠲᠠᠢ᠌ᠯᠠᠯᠳ᠋ᠤᠭᠠᠨ ᠤ ᠢᠯᠠᠯᠳ᠋ᠠ ᠶᠢ ᠲᠡᠮᠡᠴᠡᠨ ᠣᠯᠬᠤ ᠳᠤ ᠬᠦᠴᠦᠨ ᠴᠢᠳ᠋ᠠᠯ ᠶᠢᠡᠨ ᠡᠷᠭᠦᠵᠦ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)