ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠨᠡᠷ ᠲᠠᠭᠠᠭᠠᠴᠢᠯᠠᠭᠰᠠᠨ ᠰᠠᠭᠤᠭᠠᠯᠢ᠁
ᠡᠦ ᠴᠢᠩ ᠬᠠᠢ ᠨᠡᠷ ᠲᠠᠭᠠᠭᠠᠴᠢᠯᠠᠭᠰᠠᠨ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ

          

           11ᠰᠠᠷ᠎ᠠ ᠶᠢᠨ 27 ᠊ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠵᠠᠩ ᠶᠦ᠋ᠩ ᠴᠢᠶᠠᠩ᠂ ᠵᠠᠩ ᠴᠥᠨ ᠡᠾᠦ᠋ᠢ ᠲᠤᠰ ᠲᠤᠰ ᠲᠠᠭᠠᠭᠠᠴᠢᠯᠠᠭᠰᠠᠨ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ  ᠪᠠᠢ᠌ᠴᠠᠭᠠᠨ ᠵᠢᠯᠤᠭᠤᠳᠪᠠ᠃

          

          ᠬᠦᠷᠦᠭ᠍ᠰᠡᠨ ᠭᠠᠵᠠᠷ ᠪᠣᠯᠭᠠᠨ ᠳᠤ᠂ ᠡᠦ ᠴᠢᠩ ᠬᠠᠢ ᠨᠡᠷ ᠰᠠᠭᠤᠭᠠᠯᠢ ᠠᠷᠠᠳ ᠤᠨ ᠪᠠᠢ᠌ᠳ᠋ᠠᠯ᠂ ᠭᠡᠷ ᠲᠡᠭᠡᠨ ᠲᠤᠰᠠᠭᠠᠷᠯᠠᠵᠤ ᠪᠠᠢ᠌ᠭ᠎ᠠ ᠬᠦᠮᠦᠰ ᠦᠨ ᠪᠠᠢ᠌ᠳ᠋ᠠᠯ᠂ ᠰᠠᠭᠤᠭᠠᠯᠢ ᠠᠷᠠᠳ ᠤᠨ ᠠᠮᠢᠳ᠋ᠤᠷᠠᠯ ᠤᠨ ᠡᠳ᠋ ᠪᠤᠳ᠋ᠠᠰ ᠢ ᠲᠤᠬᠢᠷᠠᠭᠤᠯᠤᠨ ᠬᠦᠷᠭᠡᠭ᠍ᠰᠡᠨ ᠪᠠᠢ᠌ᠳ᠋ᠠᠯ᠂ ᠠᠷᠢᠭᠤᠳᠬᠠᠭᠰᠠᠨ ᠪᠠᠢ᠌ᠳ᠋ᠠᠯ ᠪᠤᠯᠤᠨ ᠵᠢᠵᠢᠭᠦᠷᠯᠡᠨ ᠰᠠᠬᠢᠵᠤ ᠪᠠᠢ᠌ᠭ᠎ᠠ ᠪᠠᠢ᠌ᠳ᠋ᠠᠯ᠂ ᠪᠦᠭᠡᠮ ᠬᠦᠴᠢᠯ ᠦᠨ ᠦᠯᠢᠭᠡᠷ ᠶᠠᠩᠵᠤ᠂ ᠠᠵᠢᠯᠳ᠋ᠡᠳ ᠤᠨ ᠬᠤᠪᠢ ᠬᠦᠮᠦᠨ ᠦ ᠬᠠᠮᠠᠭᠠᠯᠠᠯᠳ᠋ᠠ ᠶᠢᠨ ᠪᠠᠢ᠌ᠳ᠋ᠠᠯ ᠵᠢᠴᠢ ᠤᠷᠤᠰᠢᠵᠤ ᠪᠠᠢ᠌ᠬᠤ ᠠᠰᠠᠭᠤᠳ᠋ᠠᠯ ᠪᠠ ᠬᠦᠴᠢᠷᠳ᠋ᠡᠯ ᠢ ᠨᠠᠷᠢᠨ ᠤᠢ᠌ᠯᠠᠭᠠᠪᠠ᠃ᠡᠦ ᠴᠢᠩ ᠬᠠᠢ ᠨᠡᠷ ᠡᠴᠡ᠂ ᠤᠳ᠋ᠤᠬᠠᠨ ᠤ ᠬᠢᠵᠢᠭ᠌ ᠤᠨ ᠪᠠᠢ᠌ᠳ᠋ᠠᠯ ᠨᠠᠷᠢᠨ ᠪᠤᠳ᠋ᠤᠯᠢᠶᠠᠨᠳ᠋ᠠᠢ ᠮᠦ᠋ᠷᠳ᠋ᠡᠭᠡᠨ ᠬᠦᠨᠳ᠋ᠦ ᠨᠤᠴᠢᠳ᠋ᠠᠢ ᠪᠠᠢ᠌ᠵᠤ᠂ ᠡᠯ᠎ᠠ ᠰᠠᠭᠤᠭᠠᠯᠢ ᠠᠷᠠᠳ ᠤᠨ ᠲᠤᠭᠤᠷᠢᠭ ᠤᠨ ᠵᠢᠵᠢᠭᠦᠷᠯᠡᠨ ᠰᠠᠬᠢᠵᠤ ᠪᠠᠢ᠌ᠭ᠎ᠠ ᠭᠦᠮᠦᠰ ᠰᠤᠨᠤᠷ ᠰᠡᠷᠡᠮᠵᠢ ᠪᠠᠨ ᠲᠡᠭᠡᠭ᠍ᠰᠢᠯᠡᠭᠦᠯᠵᠦ᠂ ᠠᠵᠢᠯ ᠤᠨ ᠪᠠᠢ᠌ᠷᠢ ᠪᠠᠨ ᠪᠠᠲᠤ ᠰᠠᠬᠢᠨ᠂ ᠰᠡᠷᠭᠡᠢ᠌ᠯᠡᠯᠳ᠋ᠡ ᠶᠢᠨ ᠱᠤᠭᠤᠮ ᠵᠢᠠᠨ ᠪᠡᠳ᠋ᠦ ᠪᠡᠬᠢᠵᠢᠭᠦᠯᠵᠦ᠂  ᠬᠦᠴᠢᠷ ᠵᠤᠪᠠᠭᠤᠷᠢ᠂ ᠶᠠᠳ᠋ᠠᠷᠡᠯ ᠵᠦ᠋ᠳ᠋ᠡᠷᠡᠯ ᠡᠴᠡ ᠠᠶᠤᠬᠤ ᠦᠭᠡᠶ ᠠᠵᠢᠯᠯᠠᠬᠤ ᠵᠣᠷᠢᠭ ᠰᠠᠨᠠᠭ᠎ᠠ ᠶᠢ ᠥᠷᠭᠦᠯᠵᠢᠯᠡᠨ ᠪᠠᠳ᠋ᠠᠷᠠᠭᠤᠯᠵᠤ᠂ ᠲᠠᠭᠠᠭᠠᠴᠢᠯᠠᠭᠰᠠᠨ ᠰᠠᠭᠤᠭᠠᠯᠢ ᠠᠷᠠᠳ ᠤᠨ ᠲᠤᠭᠤᠷᠢᠭ ᠤᠨ ᠡᠭᠦᠷᠭᠡ ᠬᠠᠷᠢᠭᠤᠴᠠᠯᠭ᠎ᠠ ᠵᠢᠴᠢ ᠠᠵᠢᠯ ᠤᠨ ᠱᠠᠭᠠᠷᠳ᠋ᠠᠯᠭ᠎ᠠ ᠶᠢ ᠴᠢᠩᠭ᠎ᠠ ᠨᠠᠢ᠌ᠳ᠋ᠠᠪᠤᠷᠢᠵᠢᠭᠤᠯᠤᠨ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠵᠢᠵᠢᠭᠦᠷᠯᠡᠨ ᠰᠠᠬᠢᠬᠤ ᠠᠵᠢᠯ ᠢ  ᠦᠨᠡᠨᠬᠦ ᠨᠠᠷᠢᠯᠢᠭ ᠪᠤᠳ᠋ᠠᠳ᠋ᠠᠢ ᠰᠠᠢ᠌ᠳ᠋ᠤᠷ ᠬᠢᠬᠦ ᠬᠡᠷᠡᠭ᠍ᠳ᠋ᠡᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠩ ᠫᠢᠨ ᠢ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠤᠮᠳ᠋ᠡ ᠡᠪ ᠬᠠᠮᠳ᠋ᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳ᠋ᠦᠯᠭᠡᠵᠢᠭᠦᠯᠵᠦ ᠪᠠᠢ᠌ᠭ᠎ᠠ
ᠳᠠᠷᠠᠭᠠᠬᠢ᠄ ᠵᠠᠩ ᠴᠥᠨ ᠡᠾᠦ᠋ᠢ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ