ᠵᠠᠩ ᠴᠥᠨ ᠡᠾᠦ᠋ᠢ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ
11ᠰᠠᠷ᠎ᠠ ᠶᠢᠨ27 ᠊ᠤ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ᠃ ᠬᠤᠰᠢᠭᠤᠨ ᠤ ᠤᠯᠠᠭᠠᠨ ᠵᠠᠭᠠᠯᠮᠠᠢ᠌ᠳ᠋ᠠᠨ ᠤ ᠨᠡᠢ᠌ᠭᠡᠮᠯᠢᠭ᠌ ᠦᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠪᠠᠷ᠎ᠠ ᠪᠤᠯᠪᠠ᠃ᠵᠠᠩ ᠴᠥᠨ ᠡᠾᠦ᠋ᠢ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠶᠢᠨ ᠤᠳ᠋ᠤᠬᠠᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳ᠋ᠤ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃

ᠵᠠᠩ ᠴᠥᠨ ᠡᠾᠦ᠋ᠢ ᠡᠴᠡ᠂ ᠲᠡᠭᠡᠳ᠋ᠦ ᠱᠠᠳ᠋ᠤᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠤᠰᠤᠭᠠᠷ᠂ ᠬᠠᠷᠢᠭᠤᠴᠠᠯᠭ᠎ᠠ ᠶᠢᠨ ᠨᠠᠢ᠌ᠳ᠋ᠠᠪᠤᠷᠢᠵᠢᠭᠤᠯᠤᠯᠳ᠋ᠠ ᠶᠢ ᠤᠯᠠᠮ ᠨᠢᠭᠡ ᠠᠯᠬᠤᠮ ᠴᠢᠩᠭ᠋ᠠᠳᠬᠠᠨ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠮᠢᠶ᠎ᠠ ᠪᠦᠬᠦᠢ ᠲᠦ᠋ᠷᠥ ᠶᠢᠨ ᠪᠣᠳ᠋ᠣᠯᠭ᠎ᠠ ᠶᠢᠨ ᠤᠬᠠᠭᠤᠯᠭ᠎ᠠ ᠶᠢᠨ ᠠᠵᠢᠯ ᠢ ᠴᠢᠩᠭ᠋ᠠᠳᠬᠠᠨ᠂ ᠤᠯᠠᠨ ᠲᠦ᠋ᠮᠡᠨ ᠳ᠋ᠦ ᠬᠠᠮᠤᠭ ᠤᠨ ᠰᠢᠨ᠎ᠠ ᠬᠢᠵᠢᠭ᠌ ᠦᠨ ᠪᠠᠢ᠌ᠳ᠋ᠠᠯ ᠢ ᠴᠠᠭ ᠲᠤᠬᠠᠢ ᠳ᠋ᠤᠨᠢ ᠤᠢ᠌ᠯᠠᠭᠠᠭᠤᠯᠵᠤ᠂ ᠤᠯᠠᠨ ᠶᠢᠡᠷ ᠶᠢᠡᠨ ᠰᠡᠷᠭᠡᠢ᠌ᠯᠡᠵᠦ ᠤᠯᠠᠨ ᠶᠢᠡᠷ ᠶᠢᠡᠨ ᠡᠵᠡᠮᠳ᠋ᠡᠬᠦ ᠪᠠᠢ᠌ᠳ᠋ᠠᠯ ᠢ ᠪᠦᠷᠢᠯᠳ᠋ᠦᠭᠦᠯᠦᠨ᠂ ᠰᠡᠳᠭᠢᠯ ᠨᠢᠭᠡᠳ᠋ᠦᠨ ᠬᠢᠵᠢᠭ᠌ ᠲᠡᠶ ᠲᠡᠮᠡᠴᠡᠬᠦ ᠬᠦᠴᠦᠷᠭᠡᠭ᠌ ᠶᠡᠬᠡ ᠬᠠᠮᠳ᠋ᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭ᠍ᠲᠡᠢ ᠭᠡᠵᠦ ᠴᠢᠬᠤᠯᠠᠴᠢᠯᠠᠪᠠ᠃ (ᠨᠠᠢ᠌ᠷᠠᠭᠤᠯᠤᠭᠴᠢ᠄ ᠯᠸᠢ ᠫᠠᠩ)