ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠤᠬᠢᠷᠠᠭᠤᠯᠤᠨ ᠪᠠᠢ᠌ᠷᠢᠯᠠᠭᠤᠯᠬᠤ ᠬᠤᠷᠠᠯ ᠬᠤᠷᠠᠯᠳ᠋ᠤᠭᠤᠯᠪᠠ

           11ᠰᠠᠷ᠎ᠠ ᠶᠢᠨ 28 ᠊ᠤ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠦ᠋ᠯᠵᠢᠶᠡᠨ ᠲᠡᠭᠡᠷ᠎ᠠ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠤᠬᠢᠷᠠᠭᠤᠯᠤᠨ ᠪᠠᠢ᠌ᠷᠢᠯᠠᠭᠤᠯᠬᠤ ᠬᠤᠷᠠᠯ ᠬᠤᠷᠠᠯᠳ᠋ᠤᠭᠤᠯᠪᠠ᠃

            

           ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠵᠦ᠂ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠰᠦ᠋ᠯᠵᠢᠶᠡᠨ ᠲᠡᠭᠡᠷ᠎ᠠ ᠬᠤᠷᠠᠯ ᠳᠤ ᠤᠷᠤᠯᠴᠠᠪᠠ᠃ᠯᠢ ᠴᠸᠩ ᠭᠦᠸᠸ ᠡᠴᠡ ᠬᠤᠰᠢᠭᠤᠨ ᠤ ᠨᠠᠮ ᠤᠨ ᠬᠤᠷᠢᠶᠠᠨ ᠤ ᠱᠦ᠋ᠵᠢ ᠱᠤᠤ ᠶᠡᠨ ᠵᠢᠶ‍ᠦ᠋ᠨ ᠦ ᠬᠤᠰᠢᠭᠤᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠬᠤᠷᠠᠯ ᠲᠡᠭᠡᠷᠡᠬᠢ ᠶᠠᠷᠢᠶᠠᠨ ᠤ  ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳ᠋ᠤᠬᠠᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠳ᠋ᠠᠯ ᠢ ᠵᠠᠳ᠋ᠠᠯᠵᠤ ᠰᠤᠳ᠋ᠤᠯᠤᠨ ᠮᠠᠭᠠᠳᠯᠠᠭᠰᠠᠨ ᠪᠦᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃

          ᠬᠤᠷᠠᠯ ᠡᠴᠡ᠂ ᠨᠠᠮ ᠤᠨ ᠭᠡᠰᠢᠭᠦᠨ ᠺᠠᠳ᠋ᠷᠴᠤᠳ ᠲᠦ᠋ᠷᠦᠭᠦᠯᠡᠨ ᠬᠤᠰᠢᠭᠤᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠠᠮᠢᠶ᠎ᠠ ᠪᠦᠬᠦᠢ ᠱᠠᠭᠠᠷᠳ᠋ᠠᠯᠭ᠎ᠠ ᠶᠢ ᠰᠠᠢ᠌ᠳ᠋ᠤᠷ ᠨᠠᠢ᠌ᠳ᠋ᠠᠪᠤᠷᠢᠵᠢᠭᠤᠯᠤᠨ᠂ ᠨᠡᠢ᠌ᠭᠡᠮ ᠲᠤᠭᠤᠷᠢᠭ ᠤᠨ ᠨᠢᠭᠡᠳ᠋ᠦᠯᠳ᠋ᠠᠢ ᠲᠤᠬᠢᠷᠠᠭᠤᠯᠤᠯᠳ᠋ᠠ ᠶᠢ ᠴᠢᠩᠭ᠎ᠠ ᠲᠠᠭᠠᠵᠤ᠂ ᠲᠤᠭᠳ᠋ᠠᠭᠠᠯ ᠢ ᠴᠢᠩᠭ᠎ᠠ ᠵᠢᠷᠤᠮᠯᠠᠨ ᠨᠡᠪᠳ᠋ᠡᠷᠡᠬᠦ ᠦᠨᠡᠮᠯᠡᠯ ᠢ ᠬᠡᠷᠡᠭᠯᠡᠨ᠂ ᠵᠠᠮ ᠲᠡᠭᠡᠷᠡᠬᠢ ᠬᠠᠰᠢᠯᠳ᠋ᠡ ᠶᠢᠨ ᠴᠡᠭ᠌ ᠦᠨ ᠠᠵᠢᠯᠳ᠋ᠡᠨ ᠤ ᠪᠠᠢ᠌ᠴᠠᠭᠠᠯᠳ᠋ᠠ ᠪᠠ ᠲᠠᠩᠰᠠᠯᠠᠬᠤ ᠶᠢ ᠰᠠᠨᠠᠭᠠᠴᠢᠯᠠᠭ᠎ᠠ ᠡᠴᠡ ᠪᠠᠨ ᠬᠠᠮᠵᠢᠯᠴᠠᠬᠤ ᠬᠡᠷᠡᠭ᠍ᠲᠡᠢ᠃ ᠪᠦᠭᠡᠮ ᠬᠦᠴᠢᠯ ᠦᠨ ᠪᠠᠢ᠌ᠴᠠᠭᠠᠯᠳ᠋ᠠ᠂ ᠪᠡᠶ᠎ᠠ ᠶᠢᠨ ᠲᠤᠯᠠᠭᠠᠨ ᠢ ᠪᠠᠢ᠌ᠴᠠᠭᠠᠨ ᠬᠡᠮᠵᠢᠬᠦ᠂ ᠬᠦᠮᠦᠰ ᠢ ᠰᠢᠯᠵᠢᠭᠦᠯᠦᠨ ᠲᠤᠬᠢᠷᠠᠭᠤᠯᠬᠤ᠂ ᠮᠡᠳ᠋ᠡᠭᠡ ᠵᠠᠩᠭᠢ ᠶᠢ ᠪᠦᠷᠢᠳᠭᠡᠬᠦ ᠵᠡᠷᠭᠡ ᠡᠯ᠎ᠠ ᠵᠦ᠋ᠢᠯ ᠦᠨ ᠠᠵᠢᠯ ᠳᠤ ᠢᠳ᠋ᠡᠪᠬᠢᠳ᠋ᠠᠢ ᠬᠠᠮᠵᠢᠯᠴᠠᠬᠤ ᠬᠡᠷᠡᠭ᠍ᠲᠡᠢ᠃ ᠵᠢᠱᠢᠶᠡᠴᠢ ᠲᠠᠭᠠᠭᠤᠯᠤᠭᠴᠢ ᠶᠢᠨ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠭᠡᠷ ᠤᠨ ᠬᠦᠮᠦᠰ ᠵᠢᠠᠨ ᠲᠦ᠋ᠷᠦᠭᠦᠯᠡᠨ ᠰᠠᠢ᠌ᠳ᠋ᠤᠷ ᠬᠠᠮᠢᠶᠠᠷᠴᠦ᠂ ᠲᠡᠷᠭᠡᠳ᠋ᠡᠬᠢ ᠬᠦᠮᠦᠰ ᠢᠶ᠍ᠡᠨ ᠰᠠᠢ᠌ᠳ᠋ᠤᠷ ᠬᠦᠳ᠋ᠦᠯᠦᠨ ᠵᠢᠯᠤᠭᠤᠳᠴᠦ᠂ ᠬᠢᠵᠢᠭ᠌ ᠦᠨ ᠪᠠᠢ᠌ᠳ᠋ᠠᠯ ᠢ ᠣᠯᠵᠤ ᠮᠡᠳ᠋ᠡᠪᠡᠯ ᠰᠠᠨᠠᠭᠠᠴᠢᠯᠠᠭ᠎ᠠ ᠡᠴᠡ ᠪᠠᠨ ᠮᠡᠳ᠋ᠡᠭᠦᠯᠬᠦ᠂ ᠰᠠᠨᠠᠭᠠᠴᠢᠯᠠᠭ᠎ᠠ ᠡᠴᠡ ᠪᠡᠨ ᠲᠤᠰᠠᠭᠠᠷᠯᠠᠬᠤ᠂ ᠰᠠᠨᠠᠭᠠᠴᠢᠯᠠᠭ᠎ᠠ ᠡᠴᠡ ᠪᠠᠨ ᠡᠮᠨᠡᠭᠦᠯᠬᠦ ᠶᠢ ᠴᠠᠭ ᠢᠮᠠᠭᠳ᠋ᠠ ᠪᠡᠶᠡᠯᠡᠭᠦᠯᠬᠦ ᠬᠡᠷᠡᠭ᠍ᠲᠡᠢ᠃ ᠪᠠᠢ᠌ᠭᠤᠯᠬ᠎ᠠ ᠶᠢᠨ ᠨᠠᠮ ᠦᠨ ᠭᠡᠰᠢᠭᠦᠨ ᠺᠠᠳ᠋ᠷᠴᠤᠳ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠢᠨᠵᠢᠯᠡᠬᠦ ᠤᠬᠠᠭᠠᠨ ᠤ ᠮᠡᠳ᠋ᠡᠯᠭᠡ ᠶᠢ ᠰᠠᠨᠠᠭᠠᠴᠢᠯᠠᠭ᠎ᠠ ᠡᠴᠡ ᠪᠠᠨ ᠰᠤᠷᠤᠯᠴᠠᠨ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠤᠢ᠌ᠯᠠᠭᠠᠵᠤ᠂ ᠪᠦᠭᠡᠮ ᠬᠦᠴᠢᠯ ᠴᠤᠭᠯᠠᠭᠤᠯᠬᠤ᠂ ᠬᠠᠯᠠᠭᠤᠷᠠᠭᠰᠡᠳ ᠢ ᠲᠦ᠋ᠷᠦᠯ ᠬᠤᠪᠢᠶᠠᠨ ᠰᠢ᠌ᠳᠪᠦᠷᠢᠯᠡᠬᠦ ᠵᠡᠷᠭᠡ ᠬᠠᠮᠢᠶ᠎ᠠ ᠪᠦᠬᠦᠢ ᠠᠵᠢᠯ ᠤᠨ ᠶᠠᠪᠤᠴᠠ ᠪᠠ ᠠᠷᠭ᠎ᠠ ᠶᠢ ᠡᠵᠡᠮᠰᠢᠨ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠣᠷᠤᠯᠴᠠᠬᠤ ᠪᠠᠷ ᠴᠠᠭ ᠢᠮᠠᠭᠳ᠋ᠠ ᠪᠡᠯᠡᠬᠡᠨ ᠪᠠᠢ᠌ᠬᠤ ᠬᠡᠷᠡᠭ᠍ᠲᠡᠢ᠃ ᠬᠢᠵᠢᠭ᠌ ᠦᠨ ᠪᠠᠢ᠌ᠳ᠋ᠠᠯ ᠤᠨ ᠬᠦᠳ᠋ᠡᠯᠦᠩᠭᠦᠢ ᠮᠡᠳ᠋ᠡᠭᠡ ᠵᠠᠩᠭᠢ ᠶᠢ ᠴᠠᠭ ᠲᠤᠬᠠᠢ ᠳ᠋ᠤᠨᠢ ᠠᠩᠬᠠᠷᠤᠨ᠂ ᠭᠡᠷᠡᠴᠢᠯᠡᠯᠳ᠋ᠡ ᠦᠭᠡᠶ ᠬᠢᠵᠢᠭ᠌ ᠦᠨ ᠪᠠᠢ᠌ᠳ᠋ᠠᠯ ᠳᠤ ᠬᠤᠯᠪᠤᠭᠳ᠋ᠠᠭᠰᠠᠨ ᠶᠠᠷᠢᠶ᠎ᠠ ᠬᠡᠯᠡᠯᠴᠡᠭᠡᠨ ᠦ ᠮᠡᠳ᠋ᠡᠭᠡ ᠵᠠᠩᠭᠢ ᠶᠢ ᠲᠤᠷ᠎ᠠ ᠪᠠᠷ ᠲᠠᠮᠵᠢᠭᠤᠯᠬᠤ ᠦᠭᠡᠶ ᠪᠠᠢ᠌ᠵᠤ᠂ ᠴᠤᠤᠷᠬᠠᠯ ᠢ ᠲᠦ᠋ᠷᠦᠭᠦᠯᠡᠨ ᠬᠤᠷᠢᠭᠯᠠᠨ᠂ ᠨᠡᠢ᠌ᠭᠡᠮ ᠲᠤᠭᠤᠷᠢᠭ ᠢ ᠢᠳ᠋ᠡᠪᠬᠢᠳ᠋ᠠᠢ ᠬᠠᠮᠵᠢᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠤᠬᠠᠭᠤᠯᠭ᠎ᠠ ᠶᠢ ᠴᠢᠩᠭ᠋ᠠᠳᠬᠠᠵᠤ᠂ ᠨᠠᠮ ᠤᠨ ᠭᠡᠰᠢᠭᠦᠨ ᠺᠠᠳ᠋ᠷ ᠤᠨ ᠰᠠᠢ᠌ᠨ ᠰᠠᠢ᠌ᠬᠠᠨ ᠲᠦ᠋ᠷᠢ  ᠳᠦ᠋ᠷᠬᠦ ᠶᠢ ᠤᠬᠠᠮᠰᠡᠷ ᠡᠴᠡ ᠪᠠᠨ ᠬᠠᠮᠠᠭᠠᠯᠠᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠩ ᠴᠥᠨ ᠡᠾᠦ᠋ᠢ ᠦᠷᠭᠡᠨᠲᠠᠯ᠎ᠠ ᠲᠠᠷᠢᠶᠠᠯᠠᠩ ᠤᠨ ᠲᠠᠯᠠᠪᠠᠢ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠪᠠᠢ᠌ᠴᠠᠭᠠᠪᠠ