ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠪᠠᠢ᠌ᠴᠠᠭᠠᠪᠠ

           

          11ᠰᠠᠷ᠎ᠠ ᠶᠢᠨ 28 ᠊ᠤ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠪᠠᠢ᠌ᠴᠠᠭᠠᠪᠠ᠃ᠡᠦ ᠴᠢᠩ ᠬᠠᠢ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠪᠠ ᠲᠤᠬᠠᠢ ᠶᠢᠨ ᠲᠠᠯᠠᠪᠤᠷ ᠲᠤᠨᠢ ᠬᠢᠨᠠᠨ ᠵᠢᠯᠤᠭᠤᠳᠬᠤ ᠬᠡᠯᠪᠡᠷᠢ ᠪᠠᠷ ᠲᠠᠮᠵᠢᠨ᠂ ᠪᠦᠬᠦ ᠪᠠᠯᠭᠠᠰᠤᠨ ᠤ ᠭᠤᠤᠯᠳ᠋ᠠᠯᠭ᠎ᠠ ᠲᠡᠶ ᠬᠦᠮᠦᠰ ᠢ ᠵᠢᠭᠰᠠᠭᠠᠨ ᠪᠠᠢ᠌ᠴᠠᠭᠠᠬᠤ᠂ ᠨᠣᠲᠤᠭ ᠲᠠᠭᠠᠨ ᠪᠤᠴᠠᠭᠰᠠᠨ ᠬᠦᠮᠦᠰ ᠢ ᠬᠠᠮᠢᠶᠠᠷᠤᠨ ᠡᠵᠡᠮᠳ᠋ᠡᠬᠦ᠂ ᠺᠠᠳ᠋ᠷᠴᠤᠳ ᠤᠨ ᠡᠳ᠋ᠤᠷ ᠲᠤᠳ᠋ᠤᠮ ᠤᠨ ᠬᠠᠮᠢᠶᠠᠷᠤᠯᠳ᠋ᠠ᠂ ᠪᠦᠭᠡᠮ ᠬᠦᠴᠢᠯ ᠦᠨ ᠪᠠᠢ᠌ᠴᠠᠭᠠᠯᠳ᠋ᠠ ᠶᠢ ᠨᠠᠢ᠌ᠳ᠋ᠠᠪᠤᠷᠢᠵᠢᠭᠤᠯᠬᠤ᠂ 《ᠭᠠᠳ᠋ᠠᠨ᠎ᠠ ᠡᠴᠡ ᠬᠠᠯᠳ᠋ᠠᠪᠤᠷᠢᠯᠡᠨ ᠤᠷᠤᠵᠤ ᠢᠷᠡᠬᠦ ᠶᠢ ᠰᠡᠷᠭᠡᠢ᠌ᠯᠡᠬᠦ》 ᠰᠡᠷᠭᠡᠢ᠌ᠯᠡᠯᠳ᠋ᠡ ᠶᠢᠨ ᠱᠤᠭᠤᠮ ᠢ ᠪᠠᠢ᠌ᠭᠤᠯᠬᠤ᠂ ᠤᠯᠠᠨ ᠲᠦ᠋ᠮᠡᠨ ᠦ ᠠᠮᠢᠳ᠋ᠤᠷᠠᠯ ᠤᠨ ᠡᠳ᠋ ᠪᠤᠳ᠋ᠠᠰ ᠢ ᠨᠦ᠋ᠭᠡᠴᠡᠯᠡᠬᠦ᠂ ᠨᠠᠰᠤᠳ᠋ᠠᠨ ᠢ ᠠᠰᠠᠷᠠᠬᠤ ᠬᠦᠷᠢᠶᠡᠯᠡᠩ ᠤᠨ ᠭᠠᠯ ᠢ ᠰᠡᠷᠭᠡᠢ᠌ᠯᠡᠬᠦ ᠠᠮᠤᠷ ᠲᠦ᠋ᠪᠰᠢᠨ ᠵᠡᠷᠭᠡ ᠠᠵᠢᠯ ᠤᠨ ᠪᠠᠢ᠌ᠳ᠋ᠠᠯ ᠢ ᠨᠠᠷᠢᠨ ᠤᠢ᠌ᠯᠠᠭᠠᠪᠠ᠃

         

         ᠡᠦ ᠴᠢᠩ ᠬᠠᠢ ᠡᠴᠡ᠂ ᠬᠢᠵᠢᠭ᠌ ᠦᠨ ᠪᠠᠢ᠌ᠳ᠋ᠠᠯ ᠤᠨ ᠬᠦᠨᠳ᠋ᠦ ᠨᠤᠴᠢᠳ᠋ᠠᠢ ᠪᠠᠢ᠌ᠳ᠋ᠠᠯ ᠤᠨ ᠲᠤᠬᠠᠢ ᠲᠠᠨᠢᠯᠳ᠋ᠡ ᠪᠠᠨ ᠤᠯᠠᠮ ᠨᠢᠭᠡ ᠠᠯᠬᠤᠮ ᠲᠡᠬᠡᠭ᠍ᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠪᠤᠳ᠋ᠠᠳ᠋ᠠᠢ᠌ᠵᠢᠭᠤᠯᠵᠤ᠂ ᠺᠠᠳ᠋ᠷ ᠲᠤᠰᠬᠤᠨ ᠢ ᠲᠠᠭᠠᠭᠠᠴᠢᠯᠠᠬᠤ᠂ ᠡᠷᠦᠭᠡ ᠶᠢ ᠲᠠᠭᠠᠭᠠᠴᠢᠯᠠᠬᠤ᠂ ᠬᠦᠮᠦᠨ ᠢ ᠲᠠᠭᠠᠭᠠᠴᠢᠯᠠᠬᠤ ᠶᠢ ᠪᠠᠳ᠋ᠤᠯᠠᠬᠤ ᠬᠡᠷᠡᠭ᠍ᠲᠡᠢ᠃ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠡᠳ᠋ᠦᠷ ᠪᠦᠷᠢ ᠶᠢᠨ ᠲᠤᠬᠢᠷᠠᠭᠤᠯᠤᠯᠳ᠋ᠠ ᠶᠢ ᠤᠯᠠᠮ ᠨᠢᠭᠡ ᠠᠯᠬᠤᠮ ᠴᠢᠩᠭ᠋ᠠᠳᠬᠠᠨ᠂ ᠸᠢᠴᠠᠲ ᠤᠨ ᠠᠵᠢᠯ ᠤᠨ ᠪᠦᠯᠦᠭᠯᠡᠯ᠂ ᠰᠦᠯᠵᠢᠶᠠᠨ ᠬᠤᠷᠠᠯ ᠬᠤᠷᠠᠯᠳ᠋ᠤᠭᠤᠯᠬᠤ᠂ ᠲᠤᠬᠠᠢ ᠶᠢᠨ ᠲᠠᠯᠠᠪᠤᠷ  ᠲᠤᠨᠢ ᠬᠢᠨᠠᠨ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠡᠯ᠎ᠠ ᠭᠠᠴᠠᠭ᠎ᠠ᠂ ᠨᠡᠢ᠌ᠭᠡᠮ ᠲᠤᠭᠤᠷᠢᠭ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ᠂ ᠤᠨᠴᠠᠭᠠᠢ᠌ᠯᠠᠨ ᠬᠦᠮᠦᠰ ᠦᠨ ᠨᠠᠭᠠᠰᠢ ᠴᠠᠭᠠᠰᠢ ᠶᠠᠪᠤᠵᠤ ᠰᠠᠭᠤᠬᠤ ᠶᠢ ᠪᠦᠬᠦᠯᠢ ᠡᠳ᠋ᠦᠷ ᠶᠢᠡᠷ ᠬᠢᠨᠠᠨ ᠡᠵᠡᠮᠳ᠋ᠡᠬᠦ ᠬᠡᠷᠡᠭ᠍ᠲᠡᠢ᠃ ᠨᠣᠲᠤᠭ ᠲᠠᠭᠠᠨ ᠪᠤᠴᠠᠭᠰᠠᠨ ᠬᠦᠮᠦᠰ ᠪᠠ ᠰᠢᠯᠵᠢᠭᠦᠯᠦᠨ ᠵᠦ᠋ᠭᠡᠭᠡᠪᠦᠷᠢᠯᠡᠬᠦ ᠠᠵᠢᠯᠳ᠋ᠡᠨ ᠤ ᠡᠷᠡᠭᠦᠯ ᠮᠡᠨᠳ᠋ᠦ ᠶᠢᠨ ᠠᠮᠤᠷ ᠲᠦ᠋ᠪᠰᠢᠨ ᠢ ᠦᠨᠡᠨᠬᠦ ᠪᠠᠳ᠋ᠤᠯᠠᠨ᠂ ᠨᠣᠲᠤᠭ ᠲᠠᠭᠠᠨ ᠪᠤᠴᠠᠭᠰᠠᠨ ᠰᠤᠷᠤᠭᠴᠢ ᠠᠵᠢᠯᠳ᠋ᠡᠨ ᠤ ᠬᠠᠮᠢᠶ᠎ᠠ ᠪᠦᠬᠦᠢ ᠬᠠᠮᠢᠶᠠᠷᠤᠨ ᠡᠵᠡᠮᠳ᠋ᠡᠬᠦ ᠠᠷᠭ᠎ᠠ ᠠᠪᠴᠠᠯ ᠢ ᠰᠤᠯᠠᠷᠠᠭᠤᠯᠤᠯ ᠦᠭᠡᠶ ᠴᠢᠩᠭ᠎ᠠ ᠠᠳᠬᠤᠬᠤ ᠬᠡᠷᠡᠭ᠍ᠲᠡᠢ᠃ ᠡᠮᠦᠨ᠎ᠠ ᠹᠷᠤᠨᠲ ᠤᠨ ᠠᠵᠢᠯᠳ᠋ᠡᠨ ᠤ ᠦᠪᠡᠷ ᠢ ᠪᠡᠨ ᠬᠠᠮᠠᠭᠠᠯᠠᠬᠤ ᠴᠢᠳ᠋ᠠᠪᠤᠷᠢ ᠶᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠠᠮᠠᠪᠴᠢ ᠵᠡᠭᠦᠵᠦ᠂ ᠭᠠᠷ ᠶᠢᠡᠨ ᠦᠷᠭᠦᠯᠵᠢ ᠤᠬᠢᠶᠠᠬᠤ ᠶᠢᠨ ᠬᠠᠮᠳ᠋ᠤ ᠤᠯᠠᠨ ᠵᠦ᠋ᠢᠯ ᠦᠨ ᠠᠷᠭ᠎ᠠ ᠬᠡᠯᠪᠡᠷᠢ ᠪᠡᠷ ᠪᠦᠭᠡᠮ ᠬᠦᠴᠢᠯ ᠦᠨ ᠦᠯᠢᠭᠡᠷ ᠶᠠᠩᠵᠤ ᠠᠪᠬᠤ ᠶᠢ ᠰᠠᠨᠠᠭᠠᠴᠢᠯᠠᠭ᠎ᠠ ᠡᠴᠡ ᠪᠠᠨ ᠰᠤᠷᠤᠯᠴᠡᠵᠦ᠂ ᠪᠦᠭᠡᠮ ᠬᠦᠴᠢᠯ ᠦᠨ ᠦᠯᠢᠭᠡᠷ ᠶᠠᠩᠵᠤ ᠠᠪᠬᠤ ᠠᠵᠢᠯᠳ᠋ᠡᠨ ᠤ ᠨᠦ᠋ᠭᠡᠴᠡᠯᠡᠬᠦ ᠠᠵᠢᠯ ᠢ ᠰᠠᠢ᠌ᠳ᠋ᠤᠷ ᠬᠢᠬᠦ ᠬᠡᠷᠡᠭ᠍ᠲᠡᠢ ᠭᠡᠵᠦ ᠴᠢᠩᠭ᠋ᠠᠳᠬᠠᠪᠠ᠃

        

        11ᠰᠠᠷ᠎ᠠ ᠶᠢᠨ 28 ᠊ᠤ ᠦᠳ᠋ᠡ ᠶᠢᠨ ᠬᠤᠢ᠌ᠨ᠎ᠠ᠂ ᠡᠦ ᠴᠢᠩ ᠬᠠᠢ ᠪᠠᠰᠠ ᠯᠦ᠋ᠪᠸᠢ ᠪᠠᠯᠭᠠᠰᠤᠨ ᠤ ᠭᠣᠣᠯ ᠬᠤᠳ᠋ᠠ ᠶᠢᠨ ᠲᠤᠭᠤᠷᠢᠭ ᠤᠨ ᠲᠠᠭᠠᠭᠠᠴᠢᠯᠠᠭᠰᠠᠨ ᠡᠯ᠎ᠠ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ᠃ (ᠨᠠᠢ᠌ᠷᠠᠭᠤᠯᠤᠭᠴᠢ᠄ ᠯᠸᠢ ᠫᠠᠩ)


ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠤᠬᠢᠷᠠᠭᠤᠯᠤᠨ ᠪᠠᠢ᠌ᠷᠢᠯᠠᠭᠤᠯᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ