ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ

11ᠰᠠᠷ᠎ᠠ ᠶᠢᠨ 28 ᠊ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠰᠢᠶᠠᠩᠱᠠᠨ ᠪᠠᠯᠭᠠᠰᠤᠨ ᠳᠤ ᠬᠦᠷᠴᠦ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠴᠦ᠂ ᠠᠢ᠌ᠯ ᠲᠤᠰᠬᠤᠨ ᠤ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠦᠷᠨᠢᠭᠦᠯᠦᠭ᠍ᠰᠡᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠤᠢ᠌ᠯᠠᠭᠠᠪᠠ᠃

ᠵᠠᠩ ᠶᠦ᠋ᠩ ᠴᠢᠶᠠᠩ ᠡᠴᠡ᠂ ᠬᠢᠵᠢᠭ᠌ ᠦᠨ ᠪᠠᠢ᠌ᠳ᠋ᠠᠯ ᠢ ᠵᠠᠳ᠋ᠠᠯᠤᠨ ᠰᠤᠳ᠋ᠤᠯᠵᠤ ᠮᠠᠭᠠᠳᠯᠠᠬᠤ ᠪᠠᠨ ᠴᠢᠩᠭ᠋ᠠᠳᠬᠠᠨ᠂ ᠭᠠᠳ᠋ᠠᠨ᠎ᠠ ᠡᠴᠡ ᠬᠠᠯᠳ᠋ᠠᠪᠤᠷᠢᠯᠡᠨ ᠤᠷᠤᠵᠤ ᠢᠷᠡᠬᠦ ᠶᠢ ᠰᠡᠷᠭᠡᠢ᠌ᠯᠡᠬᠦ ᠠᠵᠢᠯ ᠤᠨ ᠦᠷᠢᠰᠦᠯᠳ᠋ᠦᠭᠡᠨ ᠪᠤᠯᠤᠨ ᠲᠠᠷᠤᠯᠳ᠋ᠠ ᠶᠢ ᠭᠦᠢᠴᠡᠳ ᠲᠠᠨᠢᠵᠦ᠂ ᠲᠡᠭᠡᠳ᠋ᠦ ᠬᠡᠮᠵᠢᠶᠡᠨ ᠦ ᠰᠤᠨᠤᠷ ᠰᠡᠷᠡᠮᠵᠢ ᠪᠡᠷ ᠴᠢᠩᠭ᠎ᠠ ᠰᠡᠷᠭᠡᠢ᠌ᠯᠡᠨ᠂ ᠬᠠᠮᠢᠶᠠᠷᠤᠯᠳ᠋ᠠ ᠡᠵᠡᠮᠳ᠋ᠡᠯ ᠢ ᠤᠷᠬᠢᠭᠳ᠋ᠠᠭᠤᠯᠬᠤ ᠦᠵᠡᠭ᠍ᠳ᠋ᠡᠯ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭ᠍ᠲᠡᠢ᠃ ᠨᠠᠮ ᠤᠨ ᠭᠡᠰᠢᠭᠦᠨ᠂ ᠲᠤᠤᠷᠴᠢᠯᠡᠯ ᠤᠨ ᠠᠵᠢᠯᠳ᠋ᠡᠳ ᠪᠤᠯᠤᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠦ᠋ᠯᠦᠭᠡᠯᠡᠭ᠍ᠴᠢ ᠶᠢ ᠵᠤᠬᠢᠶᠠᠨ ᠪᠠᠢ᠌ᠭᠤᠯᠵᠤ ᠲᠠᠢ᠌ᠴᠢᠯᠡᠨ ᠤᠯᠠᠨ ᠶᠢᠡᠷ ᠶᠢᠡᠨ ᠰᠡᠷᠭᠡᠢ᠌ᠯᠡᠵᠦ᠂ ᠤᠯᠠᠨ ᠶᠢᠡᠷ ᠶᠢᠡᠨ ᠡᠵᠡᠮᠳ᠋ᠡᠬᠦ ᠦᠢᠯᠡᠳ᠋ᠦᠯ ᠢ ᠭᠦᠢᠴᠡᠳ ᠪᠠᠳ᠋ᠠᠷᠠᠭᠤᠯᠤᠨ᠂ ᠰᠡᠳᠭᠢᠯ ᠨᠢᠭᠡᠳ᠋ᠦᠨ ᠬᠦᠴᠦ ᠪᠡᠨ ᠬᠠᠮᠳ᠋ᠤᠳᠬᠠᠵᠤ ᠬᠠᠮᠳ᠋ᠤᠪᠠᠷ 《ᠬᠢᠵᠢᠭ᠌》 ᠲᠡᠶ ᠲᠡᠮᠡᠴᠡᠵᠦ᠂ ᠠᠶᠤᠯ ᠲᠦ᠋ᠭ᠍ᠰᠢᠭᠦᠷᠢ ᠶᠢ ᠬᠤᠷᠢᠭᠯᠠᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)