ᠲᠢᠶᠸ ᠶᠢᠩ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠳ᠋ᠦ ᠤᠭ ᠰᠠᠨᠠᠭ᠎ᠠ ᠪᠠᠨ ᠦᠯᠦ ᠮᠠᠷᠳ᠋ᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠢ᠌ᠭ᠎ᠠ
ᠭᠡᠨᠡᠳᠲᠡ ᠪᠡᠷ ᠲᠠᠭᠠᠷᠢᠨ ᠢᠷᠡᠭ᠍ᠰᠡᠨ ᠨᠠᠷᠢᠨ ᠪᠤᠳ᠋ᠤᠯᠢᠶᠠᠨᠳ᠋ᠠᠢ ᠮᠦ᠋ᠷᠳ᠋ᠡᠭᠡᠨ ᠬᠦᠨᠳ᠋ᠦ ᠨᠤᠴᠢᠳ᠋ᠠᠢ ᠬᠢᠵᠢᠭ᠌ ᠦᠨ ᠪᠠᠢ᠌ᠳ᠋ᠠᠯ ᠤᠨ ᠡᠮᠦᠨ᠎ᠠ᠂ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠲᠢᠶᠸ ᠶᠢᠩ ᠰᠠᠨᠠᠭᠠᠴᠢᠯᠠᠭ᠎ᠠ ᠡᠴᠡ ᠪᠠᠨ ᠡᠷᠭᠦᠳ᠋ᠡᠯ ᠭᠠᠷᠭᠠᠨ᠂ 《ᠪᠠᠭ᠎ᠠ ᠭᠡᠷ ᠵᠢᠠᠨ ᠦᠷᠡᠭ᠍ᠳ᠋ᠡᠭᠦᠯᠵᠦ᠂ ᠤᠯᠠᠨ ᠲᠦ᠋ᠮᠡᠨ ᠢ ᠬᠠᠷᠠᠭᠠᠯᠵᠠᠬᠤ》 ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠪᠠᠳ᠋ᠠᠷᠠᠭᠤᠯᠵᠤ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠢ ᠪᠠᠲᠤ ᠰᠠᠬᠢᠨ᠂ ᠴᠢᠩ ᠰᠡᠳᠭᠢᠯ ᠡᠴᠡ ᠪᠡᠨ ᠤᠯᠠᠨ ᠲᠦ᠋ᠮᠡᠨ ᠳ᠋ᠦ ᠦᠢᠯᠡᠴᠢᠯᠡᠵᠦ᠂ ᠪᠤᠳ᠋ᠠᠳ᠋ᠤ ᠠᠵᠢᠯᠯᠠᠭ᠎ᠠ ᠪᠠᠷ ᠶᠢᠡᠨ ᠤᠯᠠᠨ ᠲᠦ᠋ᠮᠡᠨ ᠤ ᠠᠮᠢ ᠨᠠᠰᠤᠨ ᠤ ᠠᠮᠤᠷ ᠲᠦ᠋ᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠶᠢ ᠬᠠᠮᠠᠭᠠᠯᠠᠵᠤ ᠪᠠᠢ᠌ᠨ᠎ᠠ᠃

ᠬᠤᠶᠠᠷ ᠵᠢᠯ ᠦᠨ ᠡᠮᠦᠨ᠎ᠠ᠂ ᠲᠢᠶᠸ ᠶᠢᠩ ᠠᠵᠢᠯ ᠤᠨ ᠳᠣᠮᠳ᠋ᠠ ᠪᠠᠨ ᠭᠡᠨᠡᠳᠲᠡ ᠲᠠᠷᠢᠬᠢᠨ ᠤ ᠲᠦ᠋ᠭ᠍ᠵᠢᠷᠡᠯ ᠡᠭᠦᠰᠴᠦ᠂ ᠬᠤᠶᠠᠷ ᠣᠲᠠᠭ᠎ᠠ ᠭᠠᠳ᠋ᠠᠷ ᠤᠷᠤᠨ ᠤ ᠡᠮᠨᠡᠯᠭᠡ ᠳ᠋ᠦ ᠰᠠᠭᠤᠵᠤ ᠡᠮᠨᠡᠭᠦᠯᠦᠭ᠍ᠰᠡᠨ ᠪᠦᠭᠡᠳ ᠪᠠᠰᠠ ᠰᠢᠬᠢᠷ ᠰᠢᠵᠢᠩ ᠡᠪᠡᠳᠴᠢᠨ ᠳ᠋ᠦ ᠨᠡᠷᠪᠡᠭ᠍ᠳ᠋ᠡᠨ᠂ ᠪᠡᠶ᠎ᠠ ᠶᠢᠨ ᠪᠠᠢ᠌ᠳ᠋ᠠᠯ ᠨᠢ ᠠᠨᠠᠢ ᠪᠠᠢ᠌ᠯ᠎ᠠ᠃ ᠭᠡᠪᠡᠴᠦ ᠨᠠᠮ ᠳᠤ ᠤᠷᠤᠭᠠᠳ 30 ᠢᠯᠡᠭᠦᠦ ᠵᠢᠯ ᠪᠣᠯᠵᠤ ᠪᠠᠢ᠌ᠭ᠎ᠠ ᠠᠬᠠᠮᠠᠳ ᠨᠠᠮ ᠤᠨ ᠭᠡᠰᠢᠭᠦᠨ ᠪᠤᠯᠤᠭᠰᠠᠨ ᠤ ᠬᠤᠪᠢ ᠳᠤ᠂ ᠲᠡᠷᠡ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳ᠋ᠦ ᠬᠦᠮᠦᠨ ᠲᠤᠳ᠋ᠠᠭᠳ᠋ᠠᠵᠤ ᠪᠠᠢ᠌ᠭ᠎ᠠ ᠴᠢᠮᠡᠭᠡ ᠶᠢ ᠰᠤᠨᠤᠰᠤᠭᠰᠠᠨ ᠤ ᠲᠠᠷᠠᠭ᠎ᠠ᠂ ᠦᠪᠡᠷ ᠦᠨ ᠠᠮᠤᠷ ᠲᠦ᠋ᠪᠰᠢᠨ ᠵᠢᠠᠨ ᠬᠠᠢ᠌ᠬᠤᠷᠤᠯ ᠦᠭᠡᠶ ᠪᠡᠷ ᠲᠡᠷᠡ ᠲᠠᠷᠤᠢ ᠳ᠋ᠤᠨᠢ ᠨᠠᠮ ᠤᠨ ᠵᠤᠬᠢᠶᠠᠨ ᠪᠠᠢ᠌ᠭᠤᠯᠤᠯᠳ᠋ᠠ ᠪᠤᠯᠤᠨ ᠨᠡᠢ᠌ᠭᠡᠮ ᠲᠤᠭᠤᠷᠢᠭ ᠲᠤ ᠨᠡᠷ᠎ᠠ ᠪᠡᠨ ᠮᠡᠳ᠋ᠡᠭᠦᠯᠪᠡ᠃ ᠲᠡᠷᠡ᠄ 《ᠣᠳ᠋ᠤ ᠪᠣᠯ ᠶᠠᠭ ᠬᠦᠮᠦᠨ ᠬᠡᠷᠡᠭᠯᠡᠬᠦ ᠵᠠᠩᠭᠢᠯᠠᠭ᠎ᠠ ᠶᠢᠨ ᠴᠠᠭ ᠦᠶ᠎ᠠ ᠂ ᠡᠨᠡ ᠥᠶ᠎ᠠ ᠳ᠋ᠦ ᠨᠠᠮ ᠦᠨ ᠭᠡᠰᠢᠭᠦᠨ ᠡᠷᠬᠡᠪᠰᠢ ᠡᠮᠦᠨ᠎ᠠ ᠨᠢ ᠭᠠᠪᠰᠢᠭᠠᠢ᠌ᠯᠠᠨ᠂ ᠲᠦ᠋ᠷᠦᠭᠦᠯᠡᠨ ᠲᠠᠭᠠᠭᠤᠯᠵᠤ᠂ ᠬᠢᠵᠢᠭ᠌ ᠢ ᠰᠡᠷᠭᠡᠢ᠌ᠯᠡᠬᠦ ᠡᠮᠦᠨ᠎ᠠ ᠹᠷᠤᠨᠲ ᠲᠤ ᠣᠴᠢᠬᠤ ᠬᠡᠷᠡᠭ᠍ᠲᠡᠢ᠃》ᠤᠢ᠌ᠷ᠎ᠠ ᠶᠢᠨ ᠡᠳ᠋ᠦᠷ ᠦᠳ ᠲᠤ᠂ ᠵᠠᠷᠤᠳ ᠬᠤᠰᠢᠭᠤ ᠶᠡᠬᠡ ᠰᠠᠯᠬᠢ ᠰᠠᠯᠬᠢᠯᠡᠨ᠂ ᠴᠠᠰᠤ ᠤᠷᠤᠵᠤ᠂ ᠬᠦᠢᠳ᠋ᠡᠨ ᠠᠭᠤᠷ ᠠᠮᠢᠰᠬᠤᠯ ᠢᠯᠡᠷᠡᠨ᠂ ᠭᠡᠷ ᠦᠨ ᠭᠠᠳ᠋ᠠᠨᠠᠬᠢ ᠬᠠᠮᠤᠭ ᠤᠨ ᠲᠤᠤᠷ᠎ᠠ ᠲᠤᠯᠠᠭᠠᠨ ᠤ ᠬᠡᠮᠵᠢᠶ᠎ᠠ ᠨᠡᠩ ᠴᠤ ᠲᠡᠭ᠌ ᠡᠴᠡ ᠲᠤᠷᠤᠭᠰᠢ 20 ᠭᠠᠷᠤᠢ ᠊ᠭ᠍ᠷᠠᠳ᠋ᠦ᠋ᠰ ᠲᠤ ᠬᠦᠷᠴᠠᠢ᠃

ᠬᠦᠢᠲᠡᠨ ᠰᠠᠯᠬᠢ ᠶᠠᠰᠤ ᠵᠢᠩᠬᠢᠨᠡᠬᠦ ᠮᠠᠭᠤᠬᠠᠢ ᠠᠭᠤᠷ ᠠᠮᠢᠰᠬᠤᠯ ᠳᠤ᠂ ᠲᠢᠶᠸ ᠶᠢᠩ ᠦᠨ ᠵᠣᠷᠢᠭ ᠰᠠᠨᠠᠭ᠎ᠠ ᠨᠡᠩ ᠡᠷᠡᠰ ᠪᠠᠲᠤ ᠪᠠᠢ᠌ᠵᠤ᠂ ᠰᠠᠨᠠᠭᠠᠴᠢᠯᠠᠭ᠎ᠠ ᠡᠴᠡ ᠪᠠᠨ ᠬᠢᠵᠢᠭ᠌ ᠢ ᠰᠡᠷᠭᠡᠢ᠌ᠯᠡᠬᠦ ᠬᠦᠨᠳ᠋ᠦ ᠡᠭᠦᠷᠭᠡ ᠶᠢ ᠡᠭᠦᠷᠭᠡᠯᠡᠪᠡ᠃ ᠡᠳ᠋ᠦᠷ ᠶᠢᠡᠷ᠂ ᠲᠡᠷᠡ ᠰᠠᠢ᠌ᠨ ᠲᠤᠷᠠᠴᠤᠳ ᠤᠨ ᠲᠤᠭᠤᠢ᠌ᠯᠠᠩ ᠤᠨ ᠲᠠᠷᠤᠭ᠎ᠠ ᠪᠤᠯᠵᠤ᠂ ᠤᠯᠠᠨ ᠢ ᠲᠠᠭᠠᠭᠤᠯᠤᠨ ᠪᠦᠭᠡᠮ ᠬᠦᠴᠢᠯ ᠢ ᠰᠢᠯᠭᠠᠨ ᠪᠠᠢ᠌ᠴᠠᠭᠠᠬᠤ᠂ ᠡᠮᠬᠢ ᠵᠢᠷᠤᠮ ᠢ ᠬᠠᠮᠠᠭᠠᠯᠠᠬᠤ᠂ ᠣᠷᠴᠢᠨ ᠲᠤᠭᠤᠷᠢᠨ ᠢ ᠠᠷᠢᠭᠤᠳᠬᠠᠬᠤ᠂ ᠰᠡᠷᠭᠡᠢ᠌ᠯᠡᠨ ᠬᠠᠮᠠᠭᠠᠯᠠᠬᠤ ᠡᠳ᠋ ᠪᠤᠳ᠋ᠠᠰ ᠲᠠᠷᠬᠠᠭᠠᠬᠤ ᠵᠡᠷᠭᠡ ᠠᠵᠢᠯ ᠳᠤ ᠤᠷᠤᠯᠴᠠᠭᠰᠠᠨ ᠪᠦᠭᠡᠳ ᠨᠡᠢ᠌ᠭᠡᠮ ᠲᠤᠭᠤᠷᠢᠭ ᠢ ᠬᠠᠮᠵᠢᠯᠴᠡᠨ ᠬᠢᠵᠢᠭ᠌ ᠢ ᠰᠡᠷᠭᠡᠢ᠌ᠯᠡᠬᠦ ᠬᠠᠮᠤᠭ ᠤᠨ ᠰᠢᠨ᠎ᠠ ᠲᠥᠷᠥ ᠶᠢᠨ ᠪᠣᠳ᠋ᠤᠯᠭ᠎ᠠ ᠶᠢ ᠤᠬᠠᠭᠤᠯᠵᠤ᠂ ᠤᠯᠠᠨ ᠤ ᠦᠵᠡᠯ ᠰᠠᠨᠠᠭ᠎ᠠ ᠶᠢ ᠲᠤᠭᠳ᠋ᠠᠪᠤᠷᠢᠵᠢᠭᠤᠯᠤᠭᠰᠠᠨ ᠮᠦ᠋ᠷᠳ᠋ᠡᠭᠡᠨ ᠲᠦ᠋ᠷᠦᠭᠦᠯᠡᠨ ᠴᠤᠤᠷᠬᠠᠯ ᠢ ᠡᠰᠡᠷᠭᠦᠴᠡᠨ ᠬᠤᠷᠢᠭᠯᠠᠪᠠ᠃ ᠤᠷᠤᠢ ᠨᠢ ᠲᠡᠷᠡ ᠰᠠᠭᠤᠭᠠᠯᠢ ᠠᠷᠠᠳ ᠤᠨ ᠲᠤᠭᠤᠷᠢᠭ ᠲᠤ ᠵᠢᠵᠢᠭᠦᠷᠯᠡᠬᠦ᠂ ᠮᠡᠳ᠋ᠡᠭᠡ ᠵᠠᠩᠭᠢ ᠶᠢ ᠲᠠᠩᠰᠠᠯᠠᠬᠤ ᠠᠵᠢᠯ ᠢ ᠡᠭᠦᠷᠭᠡᠯᠡᠨ᠂ 《ᠡᠭᠦᠳ᠋ᠡ ᠰᠠᠬᠢᠭᠴᠢ》 ᠪᠣᠯᠪᠠ᠃ ᠲᠢᠶᠸ ᠶᠢᠩ ᠤᠨ ᠤᠯᠠᠨ ᠤ ᠲᠦ᠋ᠯᠦᠭᠡ ᠶᠠᠳ᠋ᠠᠷᠠᠯ ᠵᠦ᠋ᠳ᠋ᠡᠷᠠᠯ ᠢ ᠬᠠᠢ᠌ᠬᠤᠷᠠᠯ ᠦᠭᠡᠶ ᠲᠡᠮᠡᠴᠡᠬᠦ ᠵᠤᠷᠢᠭ ᠰᠠᠨᠠᠭ᠎ᠠ ᠨᠢ ᠬᠦᠮᠦᠰ ᠦᠨ ᠬᠠᠯᠠᠭᠤᠨ ᠬᠦᠷᠢᠶᠡᠯᠡᠯ ᠢ ᠤᠯᠤᠭᠰᠠᠨ ᠮᠦ᠋ᠷᠳ᠋ᠡᠭᠡᠨ ᠳᠠᠭᠠᠨ ᠰᠤᠷᠤᠯᠴᠠᠬᠤ ᠳᠠᠭᠤᠷᠢᠶᠠᠯ ᠪᠤᠯᠤᠭᠰᠠᠨ ᠪᠠᠢ᠌ᠨ᠎ᠠ᠃ (ᠨᠠᠢ᠌ᠷᠠᠭᠤᠯᠤᠭᠴᠢ᠄ ᠯᠸᠢ ᠫᠠᠩ)