ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳ᠋ᠦᠯᠭᠡᠵᠢᠭᠦᠯᠵᠦ ᠪᠠᠢ᠌ᠭ᠎ᠠ

          

           ᠬᠢᠵᠢᠭ᠌ ᠦᠨ ᠪᠠᠢ᠌ᠳ᠋ᠠᠯ ᠪᠣᠯ ᠵᠠᠷᠯᠢᠭ᠂ ᠰᠡᠷᠭᠡᠢ᠌ᠯᠡᠨ ᠡᠵᠡᠮᠳ᠋ᠡᠬᠦ ᠪᠣᠯ ᠬᠠᠷᠢᠭᠤᠴᠠᠯᠭ᠎ᠠ ᠮᠦ᠋ᠨ᠃ ᠬᠢᠵᠢᠭ᠌ ᠦᠨ ᠪᠠᠢ᠌ᠳ᠋ᠠᠯ ᠡᠭᠦᠰᠦᠭ᠍ᠰᠡᠨ ᠡᠴᠡ ᠨᠠᠭᠠᠰᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠵᠡᠷᠭᠡ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠵᠠᠷᠯᠢᠭ ᠢ ᠰᠤᠨᠤᠰᠤᠮᠠᠭᠴᠠ ᠬᠦᠳ᠋ᠡᠯᠦᠯᠴᠡᠨ᠂ ᠤᠯᠠᠨ ᠤᠳ᠋ᠠᠭ᠎ᠠ ᠲᠠᠭᠠᠭᠠᠴᠢᠯᠠᠭᠰᠠᠨ ᠰᠤᠮᠤ ᠪᠠᠯᠭᠠᠰᠤ ᠪᠤᠯᠤᠨ ᠯᠦ᠋ᠪᠸᠢ ᠪᠠᠯᠭᠠᠰᠤᠨ ᠤ ᠭᠣᠣᠯ ᠬᠤᠳ᠋ᠠ ᠶᠢᠨ ᠲᠤᠭᠤᠷᠢᠭ ᠤᠨ ᠰᠠᠭᠤᠭᠠᠯᠢ ᠠᠷᠠᠳ ᠤᠨ ᠲᠤᠭᠤᠷᠢᠭ ᠲᠤ ᠬᠦᠷᠴᠦ᠂ ᠡᠮᠦᠨ᠎ᠠ ᠹᠷᠤᠨᠲ ᠲᠤ ᠬᠦᠷᠴᠦ ᠵᠢᠯᠤᠭᠤᠳ᠋ᠤᠨ᠂ ᠨᠢᠭᠡᠳ᠋ᠦᠯᠳ᠋ᠠᠢ ᠲᠦ᠋ᠯᠦᠪᠵᠢᠭᠦᠯᠦᠨ ᠠᠳᠬᠤᠵᠤ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠠᠩᠭᠢᠯᠠᠭ᠎ᠠ ᠶᠢᠨ ᠴᠡᠭ᠌ ᠢ ᠴᠢᠩᠭ᠎ᠠ ᠠᠩᠬᠠᠷᠤᠨ᠂ ᠪᠦᠭᠡᠮ ᠬᠦᠴᠢᠯ ᠦᠨ ᠪᠠᠢ᠌ᠴᠠᠭᠠᠯᠳ᠋ᠠ ᠶᠢᠨ ᠦᠯᠢᠭᠡᠷ ᠠᠪᠬᠤ᠂ ᠠᠵᠢᠯᠳ᠋ᠡᠳ ᠤᠨ ᠲᠤᠬᠢᠷᠠᠭᠤᠯᠤᠯᠳ᠋ᠠ᠂ ᠣᠷᠴᠢᠨ ᠲᠤᠭᠤᠷᠢᠨ ᠢ ᠠᠷᠢᠭᠤᠳᠬᠠᠬᠤ ᠪᠤᠯᠤᠨ ᠰᠡᠷᠭᠡᠢ᠌ᠯᠡᠨ ᠡᠵᠡᠮᠳ᠋ᠡᠬᠦ ᠪᠤᠭᠤᠮᠳ᠋ᠠ ᠶᠢᠨ ᠴᠡᠭ᠌ ᠦᠨ ᠡᠳ᠋ᠦᠷ ᠲᠤᠳ᠋ᠤᠮ ᠤᠨ ᠬᠠᠮᠢᠶᠠᠷᠤᠯᠳ᠋ᠠ ᠡᠵᠡᠮᠳ᠋ᠡᠯ᠂ ᠭᠡᠷ ᠲᠡᠭᠡᠨ ᠰᠠᠭᠤᠭ᠎ᠠ ᠲᠤᠰᠠᠭᠠᠷᠯᠠᠬᠤ ᠬᠦᠮᠦᠰ ᠦᠨ ᠪᠠᠢ᠌ᠳ᠋ᠠᠯ᠂ ᠰᠡᠷᠭᠡᠢ᠌ᠯᠡᠨ ᠡᠵᠡᠮᠳ᠋ᠡᠬᠦ  ᠲᠥᠷᠥ ᠶᠢᠨ ᠪᠣᠳ᠋ᠤᠯᠭ᠎ᠠ ᠶᠢᠨ ᠤᠬᠠᠭᠤᠯᠭ᠎ᠠ᠂ ᠪᠠᠴᠢᠮ ᠪᠠᠢ᠌ᠳ᠋ᠠᠯ ᠢ ᠠᠷᠭᠠᠴᠠᠨ ᠰᠢ᠌ᠳᠪᠦᠷᠢᠯᠡᠬᠦ᠂ ᠡᠳ᠋ ᠪᠤᠳ᠋ᠠᠰ ᠤᠨ ᠪᠠᠳ᠋ᠤᠯᠠᠭ᠎ᠠ ᠵᠡᠷᠭᠡ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠨᠠᠷᠢᠨ ᠤᠢ᠌ᠯᠠᠭᠠᠵᠤ᠂ ᠭᠠᠴᠠᠭ᠎ᠠ ᠪᠠ ᠨᠡᠢ᠌ᠭᠡᠮ ᠲᠤᠭᠤᠷᠢᠭ ᠤᠨ ᠪᠦᠭᠡᠮ ᠬᠦᠴᠢᠯ ᠦᠨ ᠪᠠᠢ᠌ᠴᠠᠭᠠᠯᠳ᠋ᠠ ᠪᠤᠯᠤᠨ ᠬᠢᠵᠢᠭ᠌ ᠢ ᠰᠡᠷᠭᠡᠢ᠌ᠯᠡᠬᠦ ᠡᠮᠦᠨ᠎ᠠ ᠹᠷᠤᠨᠲ ᠤᠨ ᠠᠵᠢᠯᠲᠠᠨ ᠤ ᠬᠤᠪᠢ ᠬᠦᠮᠦᠨ ᠦ ᠰᠡᠷᠭᠡᠢ᠌ᠯᠡᠨ ᠬᠠᠮᠠᠭᠠᠯᠠᠬᠤ ᠠᠵᠢᠯ ᠢ ᠲᠤᠬᠢᠷᠠᠭᠤᠯᠤᠨ ᠵᠢᠯᠤᠭᠤᠳᠴᠦ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳᠤ ᠲᠤᠯᠭᠠᠷᠠᠭᠰᠠᠨ  ᠬᠦᠴᠢᠷᠳ᠋ᠡᠯ ᠪᠤᠯᠤᠨ ᠠᠰᠠᠭᠤᠳ᠋ᠠᠯ ᠢ ᠵᠢᠭᠰᠠᠭᠠᠨ ᠪᠠᠢ᠌ᠴᠠᠭᠠᠵᠤ ᠰᠢ᠌ᠳᠪᠦᠷᠢᠯᠡᠨ᠂ ᠡᠯ᠎ᠠ ᠲᠦ᠋ᠷᠦᠯ ᠦᠨ ᠠᠵᠢᠯ ᠢ ᠪᠤᠳ᠋ᠠᠳ᠋ᠠᠢ ᠨᠠᠷᠢᠯᠢᠭ ᠨᠠᠢ᠌ᠳ᠋ᠠᠪᠤᠷᠢᠵᠢᠭᠤᠯᠬᠤ ᠶᠢ ᠪᠦᠬᠦ ᠬᠦᠴᠦᠨ ᠶᠢᠡᠷ ᠠᠬᠢᠭᠤᠯᠪᠠ᠃

         

       ᠬᠢᠵᠢᠭ᠌ ᠦᠨ ᠪᠠᠢ᠌ᠳ᠋ᠠᠯ ᠤᠨ ᠡᠮᠦᠨ᠎ᠠ᠂ ᠡᠭᠦᠷᠭᠡ ᠬᠠᠷᠢᠭᠤᠴᠠᠯᠭ᠎ᠠ ᠬᠦᠨᠳ᠋ᠦ ᠪᠠᠢ᠌ᠨ᠎ᠠ᠃  ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠷᠢᠶᠠᠯᠠᠭ᠎ᠠ ᠶᠢ ᠢᠳ᠋ᠡᠪᠬᠢᠳ᠋ᠠᠢ ᠴᠣᠣᠷᠢᠶᠠᠳ᠋ᠤᠨ ᠲᠠᠭᠠᠵᠤ᠂ ᠲᠠᠪᠠᠭᠤᠯᠢᠭ ᠶᠢᠡᠨ ᠪᠠᠳ᠋ᠠᠷᠠᠭᠤᠯᠤᠨ᠂ ᠰᠠᠨᠠᠭᠠᠴᠢᠯᠠᠭ᠎ᠠ ᠡᠴᠡ ᠪᠠᠨ ᠠᠵᠢᠯᠯᠠᠵᠤ᠂  ᠰᠠᠭᠤᠭ᠎ᠠ ᠨᠡᠢ᠌ᠭᠡᠮ ᠲᠤᠭᠤᠷᠢᠭ ᠲᠤ ᠪᠠᠨ ᠨᠡᠷ᠎ᠠ ᠪᠡᠨ ᠮᠡᠳ᠋ᠡᠭᠦᠯᠦᠨ᠂ ᠨᠢᠭᠡ ᠪᠥᠯᠥᠭ᠌ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠰᠢᠯᠢᠳ᠋ᠡᠭ᠌ ᠠᠵᠢᠯᠳ᠋ᠡᠳ ᠤᠨ ᠬᠦᠴᠦᠨ ᠪᠤᠯᠪᠠ᠃ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠭᠠᠵᠠᠷ ᠤᠨ ᠪᠦᠭᠡᠮ ᠬᠦᠴᠢᠯ ᠦᠨ ᠪᠠᠢ᠌ᠴᠠᠭᠠᠯᠳ᠋ᠠ ᠶᠢᠨ ᠴᠡᠭ᠌ ᠪᠠ ᠵᠢᠵᠢᠭᠦᠷᠯᠡᠨ ᠰᠠᠬᠢᠬᠤ ᠠᠵᠢᠯ ᠤᠨ ᠪᠠᠢ᠌ᠷᠢ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠶᠠᠭᠠᠷᠠᠯᠳ᠋ᠠᠢ ᠪᠠᠢ᠌ᠳ᠋ᠠᠯ ᠢ ᠤᠯᠵᠤ ᠬᠠᠷᠠᠨ᠎ᠠ᠃ ᠲᠡᠳ᠋ᠡ ᠰᠡᠷᠭᠡᠢ᠌ᠯᠡᠯᠳ᠋ᠡ ᠶᠢᠨ ᠬᠤᠪᠴᠠᠰᠤ ᠡᠮᠦᠰᠴᠦ᠂ ᠬᠠᠬᠢᠷ ᠬᠦᠢᠳ᠋ᠡᠨ᠂ ᠶᠠᠳ᠋ᠠᠷᠠᠯ ᠵᠦ᠋ᠳ᠋ᠡᠷᠡᠯ ᠡᠴᠡ ᠠᠶᠤᠬᠤ ᠦᠭᠡᠶ ᠪᠠᠢ᠌ᠵᠤ᠂ ᠡᠮᠴᠢᠯᠡᠭᠡᠨ ᠦ ᠠᠵᠢᠯᠳ᠋ᠡᠨ ᠪᠣᠯᠤᠨ ᠨᠡᠢ᠌ᠭᠡᠮ ᠲᠤᠭᠤᠷᠢᠭ ᠤᠨ ᠠᠵᠢᠯᠳ᠋ᠡᠨ ᠢ ᠬᠠᠪᠰᠤᠷᠤᠨ ᠪᠦᠭᠡᠮ ᠬᠦᠴᠢᠯ ᠦᠨ ᠪᠠᠢ᠌ᠴᠠᠭᠠᠯᠳ᠋ᠠ ᠶᠢᠨ ᠬᠦᠮᠦᠰ ᠢ ᠲᠠᠩᠰᠠᠯᠠᠬᠤ᠂ ᠡᠮᠬᠢ ᠵᠢᠷᠤᠮ ᠢ ᠬᠠᠮᠠᠭᠠᠯᠠᠬᠤ᠂ ᠤᠷᠴᠢᠨ ᠲᠤᠭᠤᠷᠢᠨ ᠢ ᠠᠷᠢᠭᠤᠳᠬᠠᠬᠤ᠂ ᠡᠷᠦᠭᠡ ᠳ᠋ᠦ ᠤᠷᠤᠵᠤ ᠮᠡᠳ᠋ᠡᠭᠡ ᠵᠠᠩᠭᠢ ᠶᠢ ᠴᠤᠭᠯᠠᠭᠤᠯᠬᠤ ᠠᠵᠢᠯ ᠢ ᠦᠷᠨᠢᠭᠦᠯᠬᠦ ᠶᠢᠨ ᠬᠠᠮᠳ᠋ᠤ ᠲᠤᠰ ᠲᠤᠰ ᠤᠨ ᠡᠭᠦᠷᠭᠡᠯᠡᠵᠦ ᠪᠠᠢ᠌ᠭ᠎ᠠ ᠰᠠᠭᠤᠭᠠᠯᠢ ᠠᠷᠠᠳ ᠤᠨ ᠲᠤᠭᠤᠷᠢᠭ ᠪᠤᠯᠤᠨ ᠵᠠᠮ ᠬᠠᠷᠢᠯᠴᠠᠭᠠᠨ ᠤ ᠪᠤᠭᠤᠮᠳ᠋ᠠ ᠳᠤ 24 ᠴᠠᠭ ᠶᠢᠡᠷ ᠡᠭᠡᠯᠵᠢᠯᠡᠵᠦ ᠵᠢᠵᠢᠭᠦᠷᠯᠡᠨ ᠰᠠᠬᠢᠵᠤ ᠪᠠᠢ᠌ᠨ᠎ᠠ᠃ ᠲᠡᠳ᠋ᠡ ᠦᠪᠡᠷ ᠦᠪᠡᠷ ᠦᠨ ᠠᠵᠢᠯ ᠤᠨ ᠪᠠᠢ᠌ᠷᠢ ᠲᠡᠭᠡᠷ᠎ᠠ ᠪᠡᠨ ᠰᠢᠷᠭᠠᠭᠤ ᠬᠠᠳ᠋ᠠᠭᠤᠵᠢᠯᠳ᠋ᠠᠢ ᠠᠵᠢᠯᠯᠡᠨ᠂ ᠵᠤᠪᠠᠭᠤᠷᠢ ᠵᠦ᠋ᠳ᠋ᠡᠭᠦᠷᠢ ᠶᠢ ᠬᠦᠯᠢᠴᠡᠩᠭᠦᠢ ᠲᠡᠰᠪᠦᠷᠢᠯᠡᠵᠦ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠡᠮᠬᠢ ᠵᠢᠷᠤᠮ ᠲᠡᠶ ᠶᠠᠪᠤᠭᠳ᠋ᠠᠬᠤ ᠶᠢ ᠪᠦᠬᠦ ᠬᠦᠴᠦ ᠪᠡᠷ ᠵᠢᠠᠨ ᠪᠠᠳ᠋ᠤᠯᠠᠨ᠂ ᠤᠯᠠᠨ ᠲᠦ᠋ᠮᠡᠨ ᠦ ᠠᠮᠢ ᠨᠠᠰᠤᠨ ᠤ ᠠᠮᠤᠷ ᠲᠦ᠋ᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳ᠋ᠦ ᠶᠢ ᠬᠠᠮᠠᠭᠠᠯᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠲᠢᠶ‍ᠸ ᠶᠢᠩ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠳ᠋ᠦ ᠤᠭ ᠰᠠᠨᠠᠭ᠎ᠠ ᠪᠠᠨ ᠦᠯᠦ ᠮᠠᠷᠳ᠋ᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠢ᠌ᠭ᠎ᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠬᠠᠭᠤᠯᠤᠨ ᠲᠠᠢ᠌ᠯᠪᠤᠷᠢᠯᠠᠬᠤ ᠳ᠋ᠦ ᠤᠷᠤᠯᠴᠠᠪᠠ