ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠬᠠᠭᠤᠯᠤᠨ ᠲᠠᠢ᠌ᠯᠪᠤᠷᠢᠯᠠᠬᠤ ᠳ᠋ᠦ ᠤᠷᠤᠯᠴᠠᠪᠠ
12 ᠰᠠᠷ᠎ᠠ ᠶᠢᠨ 3 ᠤᠨ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠰᠠᠯᠠᠭᠠᠨ ᠲᠡᠰ ᠦᠨ ᠺᠠᠳ᠋ᠷᠴᠤᠳ ᠢ ᠵᠤᠬᠢᠶᠠᠨ ᠪᠠᠢ᠌ᠭᠤᠯᠵᠤ᠂ ᠸᠢᠳᠢᠣ᠋ ᠬᠤᠷᠠᠯ ᠤᠨ ᠬᠡᠯᠪᠡᠷᠢ ᠪᠡᠷ ᠪᠦᠬᠦ ᠬᠤᠰᠢᠭᠤᠨ ᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠬᠠᠭᠤᠯᠤᠨ ᠲᠠᠢ᠌ᠯᠪᠤᠷᠢᠯᠠᠬᠤ ᠳ᠋ᠦ ᠤᠷᠤᠯᠴᠠᠪᠠ᠃ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠫᠷᠦᠹᠸᠰᠰᠤᠷ ᠬᠠᠢ ᠹᠠᠩ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠸᠮ ᠲᠡᠶ ᠤᠬᠠᠭᠤᠯᠤᠨ ᠲᠠᠢ᠌ᠯᠪᠤᠷᠢᠯᠠᠪᠠ᠃

ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢ ᠤᠳ᠋ᠤᠬᠠᠨ ᠤ ᠪᠠ ᠬᠤᠢ᠌ᠰᠢᠳ᠋ᠡ ᠶᠢᠨ ᠨᠢᠭᠡ ᠬᠡᠰᠡᠭ᠌ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ 《ᠬᠤᠶᠠᠷ ᠢ ᠲᠤᠭᠳ᠋ᠠᠭᠠᠬᠤ》 ᠶᠢᠨ ᠰᠢ᠌ᠳᠪᠦᠷᠢᠳ᠋ᠦ ᠴᠢᠨᠠᠷ ᠦᠨ ᠠᠴᠢ ᠬᠤᠯᠪᠤᠭᠳ᠋ᠠᠯ ᠢ ᠭᠦᠨᠵᠡᠭᠡᠢ ᠤᠢ᠌ᠯᠠᠭᠠᠨ᠂《ᠲᠦ᠋ᠷᠪᠡᠨ ᠤᠬᠠᠮᠰᠡᠷ》 ᠢᠶᠡᠨ ᠴᠢᠩᠭ᠋ᠠᠳᠬᠠᠵᠦ᠂ 《ᠲᠦ᠋ᠷᠪᠡᠨ ᠢᠲᠡᠭᠡᠯ》 ᠢᠶᠡᠨ ᠪᠠᠲᠣᠯᠠᠨ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠤᠭ ᠵᠤᠬᠢᠶᠠᠯ ᠢ ᠰᠤᠷᠤᠯᠴᠠᠬᠤ᠂ ᠲᠦ᠋ᠪᠯᠡᠷᠡᠭᠦᠯᠦᠨ ᠰᠤᠷᠤᠯᠴᠠᠬᠤ᠂ ᠲᠤᠰᠬᠠᠢ ᠰᠡᠳ᠋ᠦᠪ ᠶᠢᠡᠷ ᠶᠠᠷᠢᠯᠴᠠᠬᠤ᠂ ᠰᠤᠯᠢᠯᠴᠡᠨ ᠬᠤᠪᠢᠶᠠᠯᠴᠠᠬᠤ ᠵᠡᠷᠭᠡ ᠠᠷᠭ᠎ᠠ ᠬᠡᠯᠪᠡᠷᠢ ᠪᠡᠷ ᠲᠠᠮᠵᠢᠨ ᠭᠦᠨᠵᠡᠭᠡᠢ ᠨᠡᠪᠳ᠋ᠡᠷᠡᠳ᠋ᠡᠯᠠ ᠰᠤᠷᠤᠯᠴᠠᠨ᠎ᠠ ᠭᠡᠵᠦ ᠢᠯᠡᠳᠭᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)