ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠸᠢᠳᠢᠣ᠋ ᠬᠤᠷᠠᠯ ᠬᠤᠷᠠᠯᠳ᠋ᠤᠭᠤᠯᠵᠤ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ
12 ᠰᠠᠷ᠎ᠠ ᠶᠢᠨ 3 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠸᠢᠳᠢᠣ᠋ ᠬᠤᠷᠠᠯ ᠬᠤᠷᠠᠯᠳ᠋ᠤᠭᠤᠯᠵᠤ᠂ ᠤᠳ᠋ᠤᠬᠠᠨ ᠤ ᠭᠤᠤᠯᠳ᠋ᠠᠯᠭ᠎ᠠ ᠲᠡᠶ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠡᠷᠬᠢᠯᠡᠵᠦ᠂ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠪᠠ᠃

ᠯᠢ ᠴᠸᠩ ᠭᠦᠸᠸ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠲᠡᠰ ᠦᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠡᠨ ᠲᠠᠷᠬᠠᠭᠠᠬᠤ ᠶᠢᠨ ᠬᠠᠮᠳ᠋ᠤ ᠪᠠᠢ᠌ᠭᠤᠯᠭ᠎ᠠ ᠶᠢᠨ ᠪᠤᠳ᠋ᠠᠳ᠋ᠠᠢ ᠪᠠᠢ᠌ᠳ᠋ᠠᠯ ᠲᠡᠶ ᠪᠠᠨ ᠤᠶᠠᠯᠳ᠋ᠤᠭᠤᠯᠤᠨ᠂ ᠲᠠᠷᠠᠭᠠᠴᠢ ᠶᠢᠨ ᠭᠤᠤᠯᠳ᠋ᠠᠯᠭ᠎ᠠ ᠲᠠᠢ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃
ᠯᠢ ᠴᠸᠩ ᠭᠦᠸᠸ ᠡᠴᠡ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠬᠤᠷᠢᠭ᠎ᠠ ᠱᠤᠭᠤᠮ ᠤᠨ ᠰᠡᠳᠭᠢᠭᠦᠢ ᠪᠡᠨ ᠴᠢᠩᠭ᠋ᠠᠳᠬᠠᠵᠤ᠂ ᠪᠡᠶ᠎ᠠ ᠪᠡᠷ ᠢᠶᠡᠨ ᠲᠦ᠋ᠷᠦᠭᠦᠯᠡᠨ ᠦᠯᠢᠭᠡᠷ ᠲᠠᠭᠤᠷᠢᠶᠠᠯ ᠪᠤᠯᠵᠤ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠠᠮᠢᠶ᠎ᠠ ᠪᠦᠬᠦᠢ ᠲᠤᠭᠳ᠋ᠠᠭᠠᠯ ᠢ ᠵᠢᠷᠤᠮᠯᠡᠨ᠂ ᠨᠠᠮ ᠤᠨ ᠭᠡᠰᠢᠭᠦᠨ ᠺᠠᠳ᠋ᠷᠴᠤᠳ ᠤᠨ ᠬᠦᠳ᠋ᠦᠯᠦᠨ ᠲᠠᠭᠠᠭᠤᠯᠵᠤ ᠵᠢᠱᠢᠶ᠎ᠠ ᠦᠵᠡᠭᠦᠯᠬᠦ ᠦᠢᠯᠡᠳ᠋ᠦᠯ ᠢ ᠢᠳ᠋ᠡᠪᠬᠢᠳ᠋ᠠᠢ ᠰᠠᠢ᠌ᠳ᠋ᠤᠷ ᠪᠠᠳ᠋ᠠᠷᠠᠭᠤᠯᠵᠤ᠂ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠰᠡᠷᠭᠡᠢ᠌ᠯᠡᠯᠳ᠋ᠡ ᠶᠢᠨ ᠱᠤᠭᠤᠮ ᠢ ᠪᠠᠲᠤ ᠪᠡᠬᠢᠵᠢᠭᠦᠯᠬᠦ ᠬᠡᠷᠡᠭ᠍ᠲᠡᠢ᠃ ᠲᠦ᠋ᠷᠦᠭᠦᠯᠡᠨ ᠠᠵᠢᠯ ᠤᠨ ᠪᠠᠢ᠌ᠷᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠠᠵᠢᠯ ᠤᠨ ᠠᠷᠭ᠎ᠠ ᠬᠡᠯᠪᠡᠷᠢ ᠪᠡᠨ ᠠᠮᠢᠳ᠋ᠤᠯᠢᠭ ᠶᠢᠡᠷ ᠬᠤᠪᠢᠷᠠᠭᠤᠯᠵᠤ᠂ 《ᠰᠦ᠋ᠯᠵᠢᠶᠡᠨ ᠲᠡᠭᠡᠷ᠎ᠠ》 ᠪᠤᠯᠤᠨ 《ᠰᠦ᠋ᠯᠵᠢᠶᠡᠨ ᠭᠠᠳ᠋ᠠᠨ᠎ᠠ》 ᠶᠢ ᠤᠶᠠᠯᠳ᠋ᠤᠭᠤᠯᠤᠨ᠂ ᠪᠠᠢ᠌ᠭᠤᠯᠭ᠎ᠠ ᠶᠢᠨ ᠠᠵᠢᠯ ᠪᠤᠯᠤᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠵᠡᠷᠭᠡᠪᠡᠷ ᠠᠳᠬᠤᠵᠤ᠂ ᠬᠤᠶᠠᠷ ᠢ ᠦᠯᠦ ᠰᠠᠭᠠᠳ᠋ᠠᠭᠤᠯᠬᠤ ᠶᠢ ᠪᠠᠳ᠋ᠤᠯᠠᠨ᠂ ᠪᠤᠳ᠋ᠠᠳ᠋ᠤ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠪᠤᠯᠤᠨ ᠡᠭᠦᠷᠭᠡᠯᠡᠯ ᠢ ᠦᠢᠯᠡᠳ᠋ᠦᠯᠭᠡᠵᠢᠭᠦᠯᠬᠦ ᠬᠡᠷᠡᠭ᠍ᠲᠡᠢ ᠭᠡᠵᠦ ᠱᠠᠭᠠᠷᠳ᠋ᠠᠪᠠ᠃
ᠯᠢ ᠴᠸᠩ ᠭᠦᠸᠸ ᠡᠴᠡ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠲᠡᠰ ᠦᠨ ᠱᠠᠭᠠᠷᠳ᠋ᠠᠯᠭ᠎ᠠ ᠶᠢ ᠴᠢᠩᠭ᠎ᠠ ᠵᠢᠷᠤᠮᠯᠡᠨ《ᠲᠤᠯᠤᠭᠠᠨ ᠴᠢᠩᠭ᠎ᠠ ᠴᠠᠭᠠᠵᠠᠯᠠᠬᠤ》 ᠶᠢ ᠪᠡᠶᠡᠯᠡᠭᠦᠯᠦᠨ᠂ 《ᠬᠤᠶᠠᠷ ᠴᠡᠭ᠌ ᠨᠢᠭᠡ ᠱᠤᠭᠤᠮ》 ᠢ ᠪᠠᠷᠢᠮᠳ᠋ᠠᠯᠠᠬᠤ ᠬᠡᠷᠡᠭ᠍ᠲᠡᠢ᠃ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠱᠠᠭᠠᠷᠳ᠋ᠠᠯᠭ᠎ᠠ ᠶᠢ ᠡᠷᠡᠰ ᠲᠠᠭᠠᠵᠤ᠂ ᠲᠠᠢ᠌ᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂ ᠤᠨᠴᠠᠭᠠᠢ᠌ᠯᠠᠨ ᠲᠤᠭᠳ᠋ᠠᠭᠠᠯ ᠢ ᠦᠯᠦ ᠬᠠᠢ᠌ᠬᠤᠷᠴᠦ᠂ ᠮᠠᠭᠤ ᠦᠷ᠎ᠠ ᠳ᠋ᠦ᠋ᠩ ᠭᠠᠷᠭᠠᠭᠰᠠᠨ ᠪᠠᠢ᠌ᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠠ ᠭᠡᠵᠦ ᠴᠢᠬᠤᠯᠠᠴᠢᠯᠠᠪᠠ᠃
ᠬᠤᠷᠠᠯ ᠲᠡᠭᠡᠷ᠎ᠠ᠂ ᠯᠢ ᠴᠸᠩ ᠭᠦᠸᠸ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠦᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠮᠦᠨ᠎ᠠ ᠹᠷᠤᠨᠲ ᠲᠤ ᠡᠷᠡᠯᠭᠡᠭᠯᠡᠨ ᠲᠡᠮᠡᠴᠡᠵᠦ ᠪᠠᠢ᠌ᠭ᠎ᠠ ᠨᠠᠮ ᠤᠨ ᠭᠡᠰᠢᠭᠦᠨ ᠺᠠᠳ᠋ᠷᠴᠤᠳ ᠢ ᠲᠤᠬᠤᠨᠢᠭᠤᠯᠪᠠ᠃ (ᠨᠠᠢ᠌ᠷᠠᠭᠤᠯᠤᠭᠴᠢ᠄ ᠯᠸᠢ ᠫᠠᠩ)