ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠪᠤᠳ᠋ᠤᠭᠠᠷ ᠬᠤᠷᠠᠯ ᠬᠤᠷᠠᠯᠳ᠋ᠤᠪᠠ

12 ᠰᠠᠷ᠎ᠠ ᠶᠢᠨ 27 ᠦ ᠡᠳ᠋ᠦᠷ ᠦᠨ ᠦᠳ᠋ᠡ ᠶᠢᠨ ᠡᠮᠦᠨ᠎ᠠ᠂ ᠵᠠᠷᠤᠳ ᠬᠣᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠪᠤᠳ᠋ᠤᠭᠠᠷ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ ᠵᠢᠴᠢ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠲᠡᠳ᠋ ᠬᠤᠰᠢᠭᠤᠨ ᠲᠠᠷᠤᠭ᠎ᠠ ᠼᠦ᠋ᠢ ᠯᠸᠢ ᠯᠸᠢ ᠬᠤᠷᠠᠯ ᠳᠤ ᠰᠤᠯᠠ ᠤᠷᠤᠯᠴᠠᠪᠠ᠃ ᠬᠤᠷᠠᠯ ᠢ ᠪᠣᠤ ᠯᠦ᠋ᠩ ᠡᠷᠬᠢᠯᠡᠪᠡ᠃

ᠲᠤᠰ ᠤᠳ᠋ᠠᠭᠠᠨ ᠤ ᠬᠤᠷᠠᠯ ᠳᠤ ᠤᠷᠤᠯᠴᠠᠬᠤ ᠶᠤᠰᠤᠳ᠋ᠠᠢ ᠪᠠᠢ᠌ᠩᠭ᠋ᠤ ᠶᠢᠨ ᠬᠤᠷᠢᠶᠠᠨ ᠤ ᠭᠡᠰᠢᠭᠦᠨ 32 ᠬᠦᠮᠦᠨ᠂ ᠪᠤᠳ᠋ᠠᠳ᠋ᠠᠢ ᠤᠷᠤᠯᠴᠠᠭᠰᠠᠨ ᠨᠢ 18 ᠬᠦᠮᠦᠨ᠂ ᠬᠠᠦᠯᠢ ᠳᠤ ᠲᠤᠭᠳ᠋ᠠᠭᠰᠠᠨ ᠬᠦᠮᠦᠨ ᠦ ᠲᠣᠭᠠᠨ ᠳᠤ ᠨᠡᠢ᠌ᠴᠡᠪᠡ᠃

ᠬᠤᠷᠠᠯ ᠡᠴᠡ 《ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠦ᠋ᠯᠦᠭᠡᠯᠡᠭ᠍ᠴᠢ ᠶᠢ ᠨᠦ᠋ᠬᠦᠨ ᠰᠤᠩᠭ᠋ᠤᠬᠤ ᠠᠷᠭ᠎ᠠ》 ᠶᠢ ᠬᠢᠨᠠᠨ ᠵᠦ᠋ᠪᠯᠡᠵᠦ ᠪᠠᠳ᠋ᠤᠯᠠᠨ᠂ᠨᠡᠷ᠎ᠠ ᠲᠡᠮᠳ᠋ᠡᠭᠯᠡᠬᠦ ᠦᠭᠡᠶ ᠪᠡᠷ ᠰᠤᠩᠭ᠋ᠤᠬᠤ ᠠᠷᠭ᠎ᠠ ᠪᠠᠷ ᠶᠦ᠋ᠨ ᠽᠸ ᠷᠸᠨ ᠢ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠦ᠋ᠯᠦᠭᠡᠯᠡᠭ᠍ᠴᠢ ᠪᠡᠷ ᠰᠤᠩᠭ᠋ᠤᠪᠠ᠃ (ᠨᠠᠢ᠌ᠷᠠᠭᠤᠯᠤᠭᠴᠢ᠄ ᠯᠸᠢ ᠫᠠᠩ)