ᠵᠠᠷᠤᠳ ᠬᠣᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠪᠡᠯᠡᠳᠭᠡᠯ ᠠᠵᠢᠯ ᠤᠨ ᠬᠤᠷᠠᠯ ᠬᠤᠷᠠᠯᠳ᠋ᠤᠪᠠ
12 ᠰᠠᠷ᠎ᠠ ᠶᠢᠨ 28 ᠦ ᠡᠳ᠋ᠦᠷ ᠦᠨ ᠦᠳ᠋ᠡ ᠶᠢᠨ ᠡᠮᠦᠨ᠎ᠠ᠂ ᠵᠠᠷᠤᠳ ᠬᠣᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠪᠡᠯᠡᠳᠭᠡᠯ ᠠᠵᠢᠯ ᠤᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ᠂ ᠲᠡᠳ᠋ ᠡᠷᠬᠢᠯᠡᠭ᠍ᠴᠢ ᠪᠣᠤ ᠯᠦ᠋ᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠦᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠳᠤ ᠰᠠᠭᠠᠲᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠡᠰᠡᠭ᠌ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

ᠪᠣᠤ ᠯᠦ᠋ᠩ ᠡᠴᠡ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠪᠣᠯ ᠪᠦᠬᠦ ᠬᠤᠰᠢᠭᠤᠨ ᠤ ᠴᠢᠬᠤᠯᠠ ᠲᠤᠮᠤ ᠬᠤᠷᠠᠯ ᠤᠨ ᠨᠢᠭᠡ᠂ ᠠᠷᠠᠳ ᠤᠨ ᠲᠦ᠋ᠯᠦᠭᠡᠯᠡᠭ᠍ᠴᠢᠳ ᠬᠠᠮᠳ᠋ᠤᠪᠠᠷ ᠤᠷᠤᠨ ᠨᠤᠲᠤᠭ ᠤᠨ ᠲᠥᠷᠥ ᠶᠢᠨ ᠶᠠᠪᠤᠳ᠋ᠠᠯ ᠢ ᠬᠠᠮᠢᠶᠠᠷᠴᠦ ᠡᠷᠬᠡ ᠲᠤᠰᠢᠶᠠᠯ ᠢᠶᠡᠨ ᠬᠡᠷᠡᠭ᠍ᠵᠢᠭᠦᠯᠬᠦ ᠶᠡᠬᠡ ᠬᠤᠷᠠᠯ ᠮᠦ᠋ᠨ᠃ ᠬᠤᠰᠢᠭᠤᠨ ᠤ ᠨᠠᠮ ᠤᠨ ᠬᠤᠷᠢᠶ᠎ᠠ ᠪᠣᠯᠣᠨ ᠬᠤᠰᠢᠭᠤᠨ ᠤ ᠠᠷᠠᠳ ᠲᠦ᠋ᠯᠦᠭᠡᠯᠡᠭ᠍ᠴᠢᠳ ᠦᠨ ᠶᠡᠬᠡ ᠬᠤᠷᠠᠯ ᠡᠴᠡ ᠲᠤᠰ ᠤᠳ᠋ᠠᠭᠠᠨ ᠤ ᠬᠤᠷᠠᠯ ᠳᠤ ᠬᠦᠨᠳ᠋ᠦ ᠨᠠᠢ᠌ᠳ᠋ᠠᠯᠭ᠎ᠠ ᠲᠠᠯᠪᠢᠵᠤ᠂ ᠡᠯ᠎ᠠ ᠪᠡᠯᠡᠳᠭᠡᠯ ᠲᠤᠭᠤᠢ᠌ᠯᠠᠩ ᠡᠷᠬᠡᠪᠰᠢ ᠨᠠᠷᠢᠨ ᠬᠢᠨᠠᠮᠠᠭᠠᠢ ᠲᠤᠬᠢᠷᠠᠭᠤᠯᠤᠨ ᠪᠠᠢ᠌ᠷᠢᠯᠠᠭᠤᠯᠵᠤ᠂ ᠠᠵᠢᠯ ᠤᠨ ᠶᠠᠪᠤᠴᠠ ᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠪᠤᠳ᠋ᠠᠳ᠋ᠠᠢ ᠬᠦᠮᠦᠨ ᠳ᠋ᠦ ᠨᠠᠢ᠌ᠳ᠋ᠠᠪᠤᠷᠢᠵᠢᠭᠤᠯᠤᠨ᠂ ᠬᠤᠰᠢᠭᠤᠨ ᠤ ᠠᠷᠪᠠᠨ ᠲᠤᠯᠤᠳ᠋ᠤᠭᠠᠷ ᠬᠤᠤᠭᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠲᠡᠭᠦᠰ ᠠᠮᠵᠢᠯᠳ᠋ᠡ ᠣᠯᠬᠤ ᠶᠢ ᠪᠠᠳ᠋ᠤᠯᠠᠬᠤ ᠬᠡᠷᠡᠭ᠍ᠲᠡᠢ ᠭᠡᠵᠦ ᠴᠢᠬᠤᠯᠠᠴᠢᠯᠠᠪᠠ᠃
ᠬᠤᠷᠠᠯ ᠲᠡᠭᠡᠷ᠎ᠠ᠂ ᠯᠢ ᠴᠸᠩ ᠭᠦᠸᠸ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭ᠍ᠴᠢᠳ ᠤᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠨᠠᠷᠢᠨ ᠪᠢᠴᠢᠭ᠌ ᠦᠨ ᠭᠠᠵᠠᠷ ᠵᠢᠴᠢ ᠵᠤᠬᠢᠶᠠᠨ ᠪᠠᠢ᠌ᠭᠤᠯᠤᠯᠳ᠋ᠠ ᠶᠢᠨ ᠪᠠᠢ᠌ᠭᠤᠯᠤᠮᠵᠢ ᠶᠢᠨ ᠪᠦᠷᠢᠯᠳ᠋ᠦᠭᠦᠨ ᠪᠤᠯᠤᠨ ᠡᠯ᠎ᠠ ᠲᠤᠭᠤᠢ᠌ᠯᠠᠩ ᠤᠨ ᠡᠭᠦᠷᠭᠡ ᠬᠠᠷᠢᠭᠤᠴᠠᠯᠭ᠎ᠠ ᠶᠢ ᠣᠩᠰᠢᠨ ᠨᠡᠢ᠌ᠳ᠋ᠡᠯᠡᠵᠦ᠂ ᠬᠠᠮᠢᠶ᠎ᠠ ᠪᠦᠬᠦᠢ ᠪᠤᠳ᠋ᠠᠳ᠋ᠠᠢ ᠵᠦ᠋ᠢᠯᠡᠰ ᠢ ᠶᠠᠷᠢᠯᠴᠡᠨ ᠰᠤᠳ᠋ᠤᠯᠤᠭᠰᠠᠨ ᠪᠦᠭᠡᠳ ᠬᠠᠮᠢᠶ᠎ᠠ ᠪᠦᠬᠦᠢ ᠪᠡᠯᠡᠳᠭᠡᠯ ᠠᠵᠢᠯ ᠢ ᠲᠠᠬᠢᠨ ᠪᠠᠢ᠌ᠷᠢᠯᠠᠭᠤᠯᠵᠤ᠂ ᠡᠭᠦᠷᠭᠡ ᠶᠢ ᠤᠯᠠᠮ ᠨᠢᠭᠡ ᠠᠯᠬᠤᠮ ᠲᠤᠳ᠋ᠤᠷᠬᠠᠢ᠌ᠯᠠᠨ᠂ ᠪᠠᠷᠢᠮᠵᠢᠶ᠎ᠠ ᠶᠢ ᠴᠢᠩᠭ᠋ᠠᠳᠬᠠᠵᠤ᠂ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠪᠠ᠃ (ᠨᠠᠢ᠌ᠷᠠᠭᠤᠯᠤᠭᠴᠢ᠄ ᠯᠸᠢ ᠫᠠᠩ)