ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ᠁
ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠵᠢᠷᠭᠤᠳ᠋ᠤᠭᠠᠷ ᠬᠤᠷᠠᠯ ᠬᠤᠷᠠᠯᠳ᠋ᠤᠪᠠ

       
        12 ᠰᠠᠷ᠎ᠠ ᠶᠢᠨ 31 ᠦ ᠡᠳ᠋ᠦᠷ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠵᠢᠷᠭᠤᠳ᠋ᠤᠭᠠᠷ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠵᠢᠴᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠭᠡᠰᠢᠭᠦᠨ ᠬᠤᠷᠠᠯ ᠳᠤ ᠤᠷᠤᠯᠴᠠᠪᠠ᠃ ᠲᠡᠳ᠋ ᠬᠤᠰᠢᠭᠤᠨ ᠲᠠᠷᠤᠭ᠎ᠠ ᠼᠦ᠋ᠢ ᠯᠸᠢ ᠯᠸᠢ ᠬᠤᠷᠠᠯ ᠳᠤ ᠰᠤᠯᠠ ᠤᠷᠤᠯᠴᠠᠪᠠ᠃ ᠬᠤᠷᠠᠯ ᠢ ᠪᠣᠤ ᠯᠦ᠋ᠩ ᠡᠷᠬᠢᠯᠡᠪᠡ᠃

        
        ᠲᠤᠰ ᠤᠳ᠋ᠠᠭᠠᠨ ᠤ ᠬᠤᠷᠠᠯ ᠳᠤ ᠤᠷᠤᠯᠴᠠᠬᠤ ᠶᠤᠰᠤᠲᠠᠢ ᠪᠠᠢ᠌ᠩᠭ᠋ᠤ ᠶᠢᠨ ᠬᠤᠷᠢᠶᠠᠨ ᠤ ᠭᠡᠰᠢᠭᠦᠨ 32 ᠬᠦᠮᠦᠨ᠂ ᠪᠤᠳ᠋ᠠᠳ᠋ᠠᠢ ᠤᠷᠤᠯᠴᠠᠭᠰᠠᠨ ᠨᠢ 20 ᠬᠦᠮᠦᠨ᠂ ᠬᠠᠦᠯᠢ ᠳᠤ ᠲᠤᠭᠳ᠋ᠠᠭᠰᠠᠨ ᠬᠦᠮᠦᠨ ᠦ ᠲᠤᠭᠠᠨ ᠳᠤ ᠨᠡᠢ᠌ᠴᠡᠪᠡ᠃

        
        ᠬᠤᠷᠠᠯ ᠡᠴᠡ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 2022 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠦ᠋ᠢᠯ ᠢ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠴᠤ ᠪᠠᠳ᠋ᠤᠯᠠᠭᠰᠨᠨ ᠢ ᠪᠠᠶᠡᠯᠡᠬᠦᠯᠦᠭ᠍ᠰᠨᠨ ᠪᠠᠢ᠌ᠳ᠋ᠠᠯ ᠪᠠ 2023 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠤᠢ᠌ᠯ ᠤᠨ ᠵᠢᠱᠢᠭ᠍ᠳ᠋ᠡᠭ᠍ᠰᠨᠨ ᠲᠦ᠋ᠷᠤᠯ ᠵᠤᠢ᠌ᠯ ᠤᠨ ᠪᠦᠷᠢᠯᠳ᠋ᠦᠭ᠍ᠰᠨᠨ ᠪᠠᠢ᠌ᠳ᠋ᠠᠯ ᠤᠨ ᠮᠡᠳ᠋ᠡᠬᠦᠯᠤᠯᠳ᠋ᠠ ᠶᠢ ᠰᠤᠨᠤᠰᠴᠦ ᠬᠢᠨᠠᠨ ᠵᠦ᠋ᠪᠯᠡᠪᠡ᠃ 2022 ᠣᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠥᠢᠯ ᠢ ᠪᠡᠶᠡᠯᠡᠭᠦᠯᠦᠭ᠍ᠰᠡᠨ ᠠᠬᠢᠴᠠ᠂ ᠲᠥᠷᠥᠯ ᠵᠥᠢᠯ ᠦᠨ ᠶᠠᠰᠦ ᠴᠢᠨᠠᠷ ᠵᠢᠴᠢ ᠵᠤᠬᠢᠶᠠᠨ ᠪᠠᠢ᠌ᠭᠤᠯᠵᠤ ᠬᠡᠷᠡᠭ᠍ᠵᠢᠭᠦᠯᠦᠭ᠍ᠰᠡᠨ ᠦᠷ᠎ᠠ ᠪᠦᠳ᠋ᠦᠮᠵᠢ ᠳᠤ ᠬᠠᠨᠤᠮᠵᠢ ᠶᠢᠨ ᠬᠡᠮᠵᠢᠶᠡᠨ ᠦ ᠦᠨᠡᠯᠡᠯᠳ᠋ᠡ ᠬᠢᠪᠡ᠃ᠬᠤᠷᠠᠯ ᠡᠴᠡ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠵᠦ᠋ᠪᠯᠡᠬᠦ ᠵᠦ᠋ᠢᠯ (ᠲᠦ᠋ᠰᠦᠯ)᠂ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ᠂ ᠨᠠᠷᠢᠨ ᠪᠢᠴᠢᠭ᠌ ᠦᠨ ᠲᠠᠷᠤᠭ᠎ᠠ ᠶᠢᠨ ᠰᠠᠨᠠᠭᠤᠯᠭ᠎ᠠ ᠶᠢᠨ ᠨᠡᠷᠡᠰ (ᠲᠦ᠋ᠰᠦᠯ)᠂ ᠰᠠᠨᠠᠯ ᠵᠦ᠋ᠪᠯᠡᠭᠡ ᠶᠢ ᠬᠢᠨᠠᠨ ᠪᠠᠢ᠌ᠴᠠᠭᠠᠬᠤ ᠵᠦ᠋ᠪᠯᠡᠯ ᠦᠨ ᠪᠦᠷᠢᠯᠳ᠋ᠦᠭᠦᠨ ᠭᠡᠰᠢᠭᠦᠨ ᠦ ᠰᠠᠨᠠᠭᠤᠯᠭ᠎ᠠ ᠶᠢᠨ ᠨᠡᠷᠡᠰ (ᠲᠦ᠋ᠰᠦᠯ)᠂ ᠲᠡᠷᠢᠭᠦᠯᠡᠭ᠍ᠴᠢᠳ ᠦᠨ ᠪᠦᠯᠬᠦᠮ ᠦᠨ ᠪᠠᠢ᠌ᠩᠭ᠋ᠤ ᠶᠢᠨ ᠲᠡᠷᠢᠭᠦᠯᠡᠭ᠍ᠴᠢ ᠶᠢᠨ ᠰᠠᠨᠠᠭᠤᠯᠭ᠎ᠠ ᠶᠢᠨ ᠨᠡᠷᠡᠰ (ᠲᠦ᠋ᠰᠦᠯ)᠂ ᠬᠤᠷᠠᠯ ᠤᠨ ᠲᠡᠳ᠋ ᠨᠠᠷᠢᠨ ᠪᠢᠴᠢᠭ᠌ ᠦᠨ ᠲᠠᠷᠤᠭ᠎ᠠ ᠶᠢᠨ ᠰᠠᠨᠠᠭᠤᠯᠭ᠎ᠠ ᠶᠢᠨ ᠨᠡᠷᠡᠰ (ᠲᠦ᠋ᠰᠦᠯ)᠂ ᠬᠤᠷᠠᠯ ᠤᠨ ᠡᠳ᠋ᠦᠷ ᠦᠨ ᠲᠠᠷᠠᠭᠠᠯᠠᠯ (ᠲᠦ᠋ᠰᠦᠯ) ᠵᠢᠴᠢ ᠭᠦᠢᠴᠡᠳᠭᠡᠬᠦ ᠲᠡᠷᠢᠭᠦᠯᠡᠭ᠍ᠴᠢ ᠶᠢᠨ ᠲᠤᠭᠤᠢ᠌ᠯᠠᠩ ᠬᠤᠪᠢᠶᠠᠭᠰᠠᠨ ᠨᠡᠷᠡᠰ (ᠲᠦ᠋ᠰᠦᠯ) ᠢ ᠬᠢᠨᠠᠨ ᠵᠦ᠋ᠪᠯᠡᠪᠡ᠃ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠲᠦ᠋ᠯᠦᠭᠡᠯᠡᠭ᠍ᠴᠢᠳ ᠦᠨ ᠬᠢᠷᠢ ᠭᠡᠮ ᠢ ᠬᠢᠨᠠᠨ ᠪᠠᠢ᠌ᠴᠠᠭᠠᠬᠤ ᠮᠡᠳ᠋ᠡᠭᠦᠯᠦᠯᠳ᠋ᠡ᠂ ᠬᠤᠷᠠᠯ ᠤᠨ ᠲᠦ᠋ᠯᠦᠭᠡᠯᠡᠭ᠍ᠴᠢᠳ ᠦᠨ ᠲᠡᠷᠢᠭᠦᠯᠡᠭ᠍ᠴᠢᠳ ᠦᠨ ᠪᠦᠯᠬᠦᠮ ᠦᠨ ᠬᠤᠪᠢᠶᠠᠷᠯᠠᠯ ᠵᠢᠴᠢ ᠰᠤᠯᠠ ᠤᠷᠤᠯᠴᠠᠬᠰᠡᠳ ᠤᠨ ᠰᠠᠨᠠᠭᠤᠯᠭ᠎ᠠ ᠶᠢᠨ ᠨᠡᠷᠡᠰ ᠦᠨ ᠲᠤᠳ᠋ᠤᠷᠬᠠᠢ᠌ᠯᠠᠯᠳ᠋ᠠ ᠶᠢ ᠰᠤᠨᠤᠰᠴᠦ ᠬᠢᠨᠠᠨ ᠵᠦ᠋ᠪᠯᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ (ᠶᠠᠷᠢᠯᠴᠠᠬᠤ ᠨᠤᠤᠷᠠᠭ) ᠶᠢ ᠰᠤᠨᠤᠰᠴᠦ ᠬᠢᠨᠠᠨ ᠵᠦ᠋ᠪᠯᠡᠪᠡ᠃ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠤᠢ᠌ᠯ ᠢ ᠠᠷᠠᠳ ᠤᠨ ᠲᠦ᠋ᠯᠦᠭᠡᠯᠡᠭ᠍ᠴᠢ ᠪᠢᠯᠸᠲ ᠦᠭ᠍ᠴᠤ ᠪᠠᠳ᠋ᠤᠯᠠᠬᠤ ᠠᠷᠭ᠎ᠠ (ᠲᠦ᠋ᠰᠦᠯ) ᠶᠢ ᠰᠤᠨᠤᠰᠴᠦ ᠬᠢᠨᠠᠨ ᠵᠦ᠋ᠪᠯᠡᠪᠡ᠃ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠰᠤᠩᠭ᠋ᠤᠭᠤᠯᠢ ᠶᠢᠨ ᠠᠷᠭ᠎ᠠ (ᠲᠦ᠋ᠰᠦᠯ) ᠶᠢ ᠰᠤᠨᠤᠰᠴᠦ ᠬᠢᠨᠠᠨ ᠵᠦ᠋ᠪᠯᠡᠪᠡ᠃

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠢ ᠪᠠᠢ᠌ᠴᠠᠭᠠᠪᠠ
ᠳᠠᠷᠠᠭᠠᠬᠢ᠄ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠦ᠋ᠯᠦᠭᠡᠯᠡᠭ᠍ᠴᠢᠳ ᠶᠡᠬᠡ ᠬᠤᠷᠠᠯ ᠳᠤ ᠨᠡᠷ᠎ᠠ ᠮᠡᠳ᠋ᠡᠭᠦᠯᠦᠯ᠎ᠠ