ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠤ ᠬᠤᠷᠠᠯᠳ᠋ᠤᠭᠤᠯᠤᠭᠴᠢ ᠶᠢᠨ ᠬᠤᠷᠠᠯ ᠬᠤᠷᠠᠯᠳ᠋ᠤᠪᠠ

1 ᠰᠠᠷ᠎ᠠ ᠶᠢᠨ 4 ᠦ ᠡᠳ᠋ᠦᠷ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠤ ᠬᠤᠷᠠᠯᠳ᠋ᠤᠭᠤᠯᠤᠭᠴᠢ ᠶᠢᠨ ᠬᠤᠷᠠᠯ ᠬᠤᠷᠠᠯᠳ᠋ᠤᠪᠠ᠃ ᠬᠤᠷᠠᠯ ᠤᠨ ᠭᠣᠣᠯ ᠵᠣᠷᠢᠯᠭ᠎ᠠ ᠪᠣᠯ ᠦᠵᠡᠯ ᠰᠠᠨᠠᠭ᠎ᠠ ᠪᠠᠨ ᠶᠡᠬᠡ ᠬᠤᠷᠠᠯ ᠤᠨ ᠡᠯ᠎ᠠ ᠵᠦ᠋ᠢᠯ ᠦᠨ ᠱᠠᠭᠠᠷᠳ᠋ᠠᠯᠭ᠎ᠠ ᠳᠡᠭᠡᠷ᠎ᠠ ᠤᠯᠠᠮ ᠨᠢᠭᠡ ᠠᠯᠬᠤᠮ ᠨᠢᠭᠡᠳᠬᠡᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠶᠡᠬᠡ ᠬᠤᠷᠠᠯ ᠢ ᠰᠠᠢ᠌ᠲᠤᠷ ᠬᠤᠷᠠᠯᠳ᠋ᠤᠭᠤᠯᠵᠤ᠂ ᠶᠡᠬᠡ ᠬᠤᠷᠠᠯ ᠤᠨ ᠡᠯ᠎ᠠ ᠵᠦ᠋ᠢᠯ ᠦᠨ ᠡᠭᠦᠷᠭᠡ ᠶᠢ ᠰᠡᠳᠬᠢᠯ ᠨᠢᠭᠡᠳ᠋ᠦᠨ ᠬᠦᠴᠦ ᠪᠡᠨ ᠬᠠᠮᠲᠤᠳᠬᠠᠵᠤ ᠰᠠᠢ᠌ᠲᠤᠷ ᠪᠡᠶᠡᠯᠡᠭᠦᠯᠬᠦ ᠶᠢᠨ ᠲᠥᠯᠥᠭᠡ ᠶᠤᠮ᠃ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠶᠢᠨ ᠳᠡᠳ᠋ ᠡᠷᠬᠢᠯᠡᠭ᠍ᠴᠢ ᠪᠦᠦ ᠯᠦ᠋ᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠦᠨ ᠲᠠᠷᠤᠭ᠎ᠠ ᠯᠢ ᠴᠸᠩ ᠭᠦᠸᠸ ᠬᠤᠷᠠᠯ ᠳᠤ ᠰᠠᠭᠠᠲᠠᠪᠠ᠃ ᠬᠤᠷᠠᠯ ᠢ ᠯᠢ ᠴᠸᠩ ᠭᠦᠸᠸ ᠡᠷᠬᠢᠯᠡᠪᠡ᠃
ᠪᠦᠦ ᠯᠦ᠋ᠩ ᠡᠴᠡ᠂ ᠡᠯ᠎ᠠ ᠲᠥᠯᠥᠭᠡᠯᠡᠭ᠍ᠴᠢᠳ ᠦᠨ ᠪᠦᠯᠬᠦᠮ ᠳᠡᠭᠡᠳ᠋ᠦ ᠬᠡᠮᠵᠢᠶ᠎ᠠ ᠪᠡᠷ ᠴᠢᠬᠤᠯᠠᠴᠢᠯᠠᠨ ᠦᠵᠡᠵᠦ᠂ ᠶᠡᠬᠡ ᠬᠤᠷᠠᠯ ᠤᠨ ᠨᠠᠷᠢᠨ ᠪᠢᠴᠢᠭ᠌ ᠦᠨ ᠭᠠᠵᠠᠷ ᠢ ᠬᠠᠮᠵᠢᠨ ᠵᠣᠬᠢᠶᠠᠨ ᠪᠠᠶ᠍ᠢᠭᠤᠯᠬᠤ ᠠᠵᠢᠯ ᠢ ᠰᠠᠢ᠌ᠲᠤᠷ ᠬᠢᠬᠦ ᠶᠢᠨ ᠬᠠᠮᠲᠤ ᠲᠥᠯᠥᠭᠡᠯᠡᠭ᠍ᠴᠢᠳ ᠢ ᠬᠥᠲᠥᠯᠥᠨ ᠵᠢᠯᠤᠭᠣᠳᠴᠤ ᠪᠠᠢ᠌ᠭᠠᠳ ᠪᠣᠳ᠋ᠠᠲᠤ ᠪᠠᠢ᠌ᠳ᠋ᠠᠯ ᠲᠠᠶ ᠪᠠᠨ ᠤᠶᠠᠯᠳ᠋ᠤᠭᠤᠯᠤᠨ᠂ ᠠᠵᠢᠯ ᠤᠨ ᠢᠯᠡᠳᠭᠡᠯ ᠢ ᠶᠠᠷᠢᠯᠴᠠᠬᠤ ᠪᠠ ᠬᠢᠨᠠᠨ ᠵᠥᠪᠯᠡᠭᠦᠯᠬᠦ ᠬᠡᠷᠡᠭ᠍ᠲᠡᠢ᠃ ᠡᠯ᠎ᠠ ᠲᠥᠯᠥᠭᠡᠯᠡᠭ᠍ᠴᠢᠳ ᠦᠨ ᠪᠦᠯᠬᠦᠮ ᠡᠷᠬᠡᠪᠰᠢ ᠲᠥᠯᠥᠭᠡᠯᠡᠭ᠍ᠴᠢᠳ ᠦᠨ ᠰᠠᠨᠠᠯ ᠵᠥᠪᠯᠡᠯᠭᠡ ᠪᠠ ᠰᠠᠨᠠᠭᠤᠯᠭ᠎ᠠ᠂ ᠰᠢᠭᠦᠮᠵᠢᠯᠡᠭ᠍ᠰᠡᠨ ᠰᠠᠨᠠᠯ ᠤᠨ ᠴᠢᠨᠠᠷ ᠴᠢᠨᠰᠠᠭ᠎ᠠ ᠶᠢ ᠳᠡᠭᠡᠭ᠍ᠰᠢᠯᠡᠭᠦᠯᠬᠦ ᠶᠢ ᠲᠡᠷᠢᠭᠦᠨ ᠪᠠᠢ᠌ᠷᠢᠨ ᠳᠤ ᠲᠠᠯᠪᠢᠵᠤ᠂ ᠲᠥᠯᠥᠭᠡᠯᠡᠭ᠍ᠴᠢᠳ ᠶᠢᠡᠷ ᠪᠥᠬᠥ ᠬᠣᠰᠢᠭᠤᠨ ᠤ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠥᠭ᠍ᠵᠢᠯᠲᠡ ᠳ᠋ᠦ ᠠᠷᠭ᠎ᠠ ᠤᠬᠠᠭᠠᠨ ᠭᠠᠷᠭᠠᠯᠭᠠᠵᠤ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠬᠦ ᠵᠣᠷᠢᠯᠭ᠎ᠠ ᠳᠤ ᠦᠨᠡᠨ ᠬᠦ ᠬᠦᠷᠭᠡᠬᠦ ᠬᠡᠷᠡᠭ᠍ᠲᠡᠢ᠃ ᠡᠯ᠎ᠠ ᠲᠥᠯᠥᠭᠡᠯᠡᠭ᠍ᠴᠢᠳ ᠦᠨ ᠪᠦᠯᠬᠦᠮ ᠪᠦᠭᠦ ᠬᠣᠰᠢᠭᠤᠨ ᠤ ᠦᠨᠳ᠋ᠦᠰᠦᠲᠡᠨ ᠨᠦᠭᠦᠳ ᠦᠨ ᠠᠷᠠᠳ ᠲᠦ᠋ᠮᠡᠨ ᠦ ᠦᠨᠳ᠋ᠦᠰᠦᠨ ᠠᠰᠢᠭ ᠲᠤᠰᠠ ᠡᠴᠡ ᠡᠭᠦᠰᠴᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦ᠋ᠮᠡᠨ ᠦ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠢ᠌ᠯᠠᠭᠠᠭᠳ᠋ᠠᠬᠤᠨ ᠢ ᠪᠠᠷᠢᠮᠲᠠᠯᠠᠵᠤ᠂ ᠳᠡᠭᠡᠳ᠋ᠦ ᠬᠡᠮᠵᠢᠶᠡᠨ ᠦ ᠤᠯᠤᠰ ᠲᠦ᠋ᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠢᠯᠧᠲ ᠦᠭ᠍ᠬᠦ ᠠᠵᠢᠯ ᠳᠤ ᠨᠠᠷᠢᠨ ᠬᠢᠨᠠᠮᠠᠭᠠᠢ ᠬᠠᠨᠳ᠋ᠤᠬᠤ ᠬᠡᠷᠡᠭ᠍ᠲᠡᠢ ᠭᠡᠵᠦ ᠱᠠᠭᠠᠷᠳ᠋ᠠᠪᠠ᠃
ᠪᠦᠦ ᠯᠦ᠋ᠩ ᠡᠴᠡ᠂ ᠡᠯ᠎ᠠ ᠲᠥᠯᠥᠭᠡᠯᠡᠭ᠍ᠴᠢᠳ ᠦᠨ ᠪᠦᠯᠬᠦᠮ ᠲᠥᠯᠥᠭᠡᠯᠡᠭ᠍ᠴᠢᠳ ᠢ ᠬᠥᠲᠥᠯᠥᠨ ᠵᠢᠯᠤᠭᠣᠳᠴᠤ ᠤᠯᠤᠰ ᠲᠥᠷᠥ ᠶᠢᠨ ᠬᠠᠷᠢᠭᠤᠴᠠᠯᠭᠠᠲᠤ ᠤᠬᠠᠮᠰᠠᠷ᠂ ᠭᠣᠣᠯ ᠴᠣᠭᠴᠠ ᠶᠢᠨ ᠤᠬᠠᠮᠰᠠᠷ ᠢ ᠨᠢ ᠴᠢᠩᠭ᠋ᠠᠳᠬᠠᠵᠤ᠂ ᠲᠣᠰ ᠤᠳ᠋ᠠᠭᠠᠨ ᠤ ᠶᠡᠬᠡ ᠬᠤᠷᠠᠯ ᠶᠢᠡᠷ ᠳᠡᠮᠵᠢᠨ᠂ ᠪᠥᠬᠥ ᠬᠣᠰᠢᠭᠤᠨ ᠤ ᠠᠷᠠᠳ ᠲᠦ᠋ᠮᠡᠨ ᠢ ᠤᠯᠠᠮ ᠨᠢᠭᠡ ᠠᠯᠬᠤᠮ ᠪᠦᠯᠬᠦᠮᠳ᠋ᠡᠭᠦᠯᠦᠨ ᠳᠠᠭᠠᠭᠤᠯᠵᠤ ᠬᠠᠷᠠᠯᠲᠠ ᠪᠠᠨ ᠲᠣᠳ᠋ᠣᠷᠬᠠᠢ ᠪᠣᠯᠭᠠᠵᠤ᠂ ᠦᠨᠡᠨ ᠢ ᠪᠠᠷᠢᠮᠲᠠᠯᠠᠨ ᠪᠣᠳ᠋ᠠᠲᠠᠢ ᠶᠢ ᠡᠷᠬᠢᠮᠯᠡᠵᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠬᠡᠷᠡᠭ᠍ᠲᠡᠢ᠃ ᠬᠤᠷᠠᠯ ᠤᠨ ᠬᠤᠭᠤᠴᠠᠭᠠᠨ ᠳᠤ᠂ ᠡᠯ᠎ᠠ ᠲᠥᠯᠥᠭᠡᠯᠡᠭ᠍ᠴᠢᠳ ᠦᠨ ᠪᠦᠯᠬᠦᠮ《ᠨᠢ᠋ᠮᠠᠨ ᠵᠤᠷᠪᠤᠰ ᠲᠣᠭᠲᠠᠭᠠᠯ》 ᠢ ᠴᠢᠩᠭ᠎ᠠ ᠵᠢᠷᠤᠮᠯᠠᠵᠤ᠂ ᠬᠤᠷᠠᠯ ᠤᠨ ᠲᠠᠯᠠᠪᠠᠶ ᠶᠢᠨ ᠡᠮᠬᠢ ᠵᠢᠷᠤᠮ ᠢ ᠪᠠᠲᠤᠯᠠᠬᠤ ᠬᠡᠷᠡᠭ᠍ᠲᠡᠢ᠃ ᠡᠯ᠎ᠠ ᠲᠥᠯᠥᠭᠡᠯᠡᠭ᠍ᠴᠢᠳ ᠦᠨ ᠪᠦᠯᠬᠦᠮ ᠶᠡᠬᠡ ᠬᠤᠷᠠᠯ ᠤᠨ ᠨᠠᠷᠢᠨ ᠪᠢᠴᠢᠭ᠌ ᠦᠨ ᠭᠠᠵᠠᠷ ᠲᠡᠶ ᠬᠠᠮᠵᠢᠯᠴᠠᠭ᠎ᠠ ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳ᠋ᠣᠷᠬᠠᠢ᠌ᠯᠠᠵᠤ᠂ ᠡᠯ᠎ᠠ ᠵᠦ᠋ᠢᠯ ᠦᠨ ᠠᠵᠢᠯ ᠢ ᠰᠠᠢ᠌ᠲᠤᠷ ᠵᠣᠯᠭᠠᠭᠤᠯᠵᠤ᠂ ᠶᠡᠬᠡ ᠬᠤᠷᠠᠯ ᠤᠨ ᠡᠯ᠎ᠠ ᠵᠦ᠋ᠢᠯ ᠦᠨ ᠠᠵᠢᠯ ᠤᠨ ᠲᠦ᠋ᠷᠭᠡᠨ ᠪᠦᠭᠡᠳ ᠡᠮᠬᠢ ᠵᠢᠷᠤᠮ ᠲᠠᠶ ᠪᠠᠷ ᠶᠠᠪᠤᠭᠳ᠋ᠠᠬᠤ ᠶᠢ ᠪᠠᠲᠤᠯᠠᠵᠤ᠂ ᠶᠡᠬᠡ ᠬᠤᠷᠠᠯ ᠤᠨ ᠤᠷᠢᠳᠴᠢᠯᠠᠨ ᠲᠣᠭᠲᠠᠭᠠᠭᠰᠠᠨ ᠵᠥᠪᠯᠡᠬᠦ ᠵᠦ᠋ᠢᠯ ᠢ ᠤᠷᠤᠭᠰᠢᠲᠠᠢ ᠪᠡᠶᠡᠯᠡᠭᠦᠯᠬᠦ ᠬᠡᠷᠡᠭ᠍ᠲᠡᠢ ᠬᠡᠵᠡᠢ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠠ᠂ ᠶᠡᠬᠡ ᠬᠤᠷᠠᠯ ᠤᠨ ᠪᠡᠯᠡᠳᠬᠡᠯ ᠠᠵᠢᠯ ᠤᠨ ᠪᠠᠢ᠌ᠳ᠋ᠠᠯ ᠵᠢᠴᠢ ᠡᠳ᠋ᠦᠷ ᠦᠨ ᠳᠠᠷᠠᠭᠠᠯᠠᠯ ᠤᠨ ᠲᠣᠬᠢᠷᠠᠭᠤᠯᠤᠯᠲᠠ ᠶᠢᠨ ᠲᠤᠬᠠᠢ ᠨᠠᠷᠢᠨ ᠲᠣᠳ᠋ᠣᠷᠬᠠᠢ᠌ᠯᠠᠯᠲᠠ ᠬᠢᠵᠦ᠂ ᠡᠯ᠎ᠠ ᠲᠥᠯᠥᠭᠡᠯᠡᠭ᠍ᠴᠢᠳ ᠦᠨ ᠪᠦᠯᠬᠦᠮ ᠡᠴᠡ ᠪᠦᠯᠬᠦᠮ ᠦᠨ ᠳᠠᠷᠤᠭ᠎ᠠ ᠪᠠ ᠳᠡᠳ᠋ ᠳᠠᠷᠤᠭ᠎ᠠ ᠶᠢ ᠲᠠᠨᠢᠯᠴᠠᠭᠤᠯᠪᠠ᠃ (ᠨᠠᠢ᠌ᠷᠠᠭᠤᠯᠤᠭᠴᠢ᠄ ᠯᠸᠢ ᠫᠠᠩ)