ᠰᠢᠨ᠎ᠠ ᠠᠶᠠᠨ ᠳᠠᠭᠠᠨ ᠡᠷᠡᠮᠡᠭᠡᠢ᠌ᠯᠡᠨ ᠤᠷᠤᠭᠰᠢᠯᠠᠵᠤ ᠵᠠᠷᠤᠳ ᠤᠨ ᠴᠢᠨᠠᠷ ᠰᠠᠢ᠌ᠲᠠᠢ ᠬᠦᠭ᠍ᠵᠢᠯᠳ᠋ᠡ ᠶᠢᠨ ᠰᠢᠨ᠎ᠠ ᠬᠠᠭᠤᠳ᠋ᠠᠰᠤ ᠶᠢ ᠴᠢᠷᠮᠠᠢ᠌ᠨ ᠪᠢᠴᠢᠭᠯᠡᠶ᠎ᠠ



2022 ᠣᠨ ᠤ 12 ᠰᠠᠷ᠎ᠠ ᠶᠢᠨ 31 ᠦ ᠡᠳ᠋ᠦᠷ ᠡᠴᠡ 2023 ᠣᠨ ᠤ 1 ᠰᠠᠷ᠎ᠠ ᠶᠢᠨ 3 ᠦ ᠡᠳ᠋ᠦᠷ ᠪᠣᠯᠲᠠᠯ᠎ᠠ᠂ ᠪᠦᠬᠦ ᠬᠤᠳ᠋ᠠ ᠶᠢᠨ ᠠᠷᠠᠳ ᠲᠦ᠋ᠮᠡᠨ ᠦ ᠠᠩᠬᠠᠷᠤᠯ ᠢ ᠲᠠᠳ᠋ᠠᠭᠰᠠᠨ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯ ᠪᠣᠯᠤᠨ ᠤᠯᠤᠰ ᠲᠥᠷᠥ ᠶᠢᠨ ᠵᠦ᠋ᠪᠯᠡᠯᠭᠡᠨ ᠦ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠬᠣᠷᠢᠶ᠎ᠠ ᠶᠢᠨ ᠬᠤᠶᠠᠳ᠋ᠤᠭᠠᠷ ᠬᠤᠷᠠᠯ ᠲᠦ᠋ᠩᠯᠢᠶᠤᠤ ᠬᠤᠳ᠋ᠠ ᠶᠢᠨ ᠵᠠᠰᠠᠭ ᠵᠠᠬᠢᠷᠭᠠᠨ ᠤ ᠲᠥᠪ ᠲᠤ ᠬᠤᠷᠠᠯᠳ᠋ᠤᠪᠠ᠃



ᠱᠤᠤ ᠶᠠᠨ ᠵᠢᠶᠦ᠋ᠨ᠂ ᠪᠣᠤ ᠸᠸᠨ ᠯᠠᠨ᠂ ᠡᠦ ᠴᠢᠩ ᠬᠠᠢ᠂ ᠪᠠᠢ ᠶᠠᠨ ᠰᠢᠦᠸᠠᠢ᠂ ᠵᠠᠩ ᠶᠦ᠋ᠩ ᠴᠢᠶᠠᠩ ᠵᠡᠷᠭᠡ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠪᠣᠯᠣᠨ ᠯᠢᠦ ᠶᠦ᠋ᠩ᠂ ᠭᠦᠸᠸ ᠮᠢᠩ ᠴᠢᠶᠦ᠋ᠨ᠂ ᠯᠢ ᠢᠦᠢ ᠹᠦ᠋᠂ ᠯᠢ ᠶᠦ᠋ᠩ ᠬᠠᠢ ᠵᠡᠷᠭᠡ ᠬᠤᠳ᠋ᠠ ᠶᠢᠨ ᠤᠯᠤᠰ ᠲᠥᠷᠥ ᠶᠢᠨ ᠵᠦ᠋ᠪᠯᠡᠯᠭᠡᠨ ᠦ ᠭᠡᠰᠢᠭᠦᠳ ᠪᠦᠬᠦ ᠬᠤᠰᠢᠭᠤᠨ ᠤ ᠠᠷᠠᠳ ᠲᠦ᠋ᠮᠡᠨ ᠤ ᠬᠦᠨᠳ᠋ᠦ ᠨᠠᠢ᠌ᠳ᠋ᠠᠯᠭ᠎ᠠ ᠶᠢ ᠡᠭᠦᠷᠭᠡᠯᠡᠵᠦ᠂ ᠲᠦ᠋ᠩᠯᠢᠶᠤᠤ ᠬᠤᠳ᠋ᠠ ᠳᠤ ᠬᠦᠷᠴᠦ ᠪᠦᠬᠦ ᠬᠤᠳ᠋ᠠ ᠶᠢᠨ《ᠬᠤᠶᠠᠷ ᠬᠤᠷᠠᠯ》ᠲᠤ ᠤᠷᠤᠯᠴᠠᠪᠠ᠃ (ᠨᠠᠢ᠌ᠷᠠᠭᠤᠯᠤᠭᠴᠢ᠄ ᠯᠸᠢ ᠫᠠᠩ)