ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ᠁
ᠵᠠᠷᠤᠳ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠥᠯᠥᠭᠡᠯᠡᠭ᠍ᠴᠢᠳ ᠬᠠᠮᠳ᠋ᠣ ᠪᠡᠷ ᠰᠡᠷᠡᠮᠵᠢᠭᠦᠯᠬᠦ ᠬᠥᠮᠦᠵᠢᠯ ᠦᠨ ᠹᠢᠯᠢᠮ ᠦᠵᠡᠪᠡ

       
        1 ᠰᠠᠷ᠎ᠠ ᠶᠢᠨ 4 ᠦ ᠡᠳ᠋ᠦᠷ ᠦᠨ ᠣᠷᠣᠢ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠳᠤ ᠤᠷᠤᠯᠴᠠᠬᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠥᠯᠥᠭᠡᠯᠡᠭ᠍ᠴᠢᠳ ᠬᠠᠮᠲᠤ ᠪᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳ᠋ᠠᠯᠠᠬᠤ ᠰᠡᠷᠡᠮᠵᠢᠭᠦᠯᠬᠦ ᠬᠥᠮᠦᠵᠢᠯ ᠦᠨ ᠹᠢᠯᠢᠮ ᠢ ᠦᠵᠡᠵᠦ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ ᠭᠥᠷᠳ᠋ᠡᠪᠡ᠃ ᠡᠦ ᠴᠢᠩ ᠬᠠᠢ᠂ ᠯᠢᠦ ᠰᠢ ᠯᠢᠨ᠂ ᠪᠦᠦ ᠯᠦ᠋ᠩ ᠵᠡᠷᠭᠡ ᠬᠣᠰᠢᠭᠤᠨ ᠤ ᠤᠳ᠋ᠤᠷᠢᠳ᠋ᠤᠯᠭ᠎ᠠ ᠤᠷᠤᠯᠴᠠᠪᠠ᠃

         
      ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠦᠨ ᠲᠤᠰᠬᠠᠢ ᠰᠡᠳ᠋ᠦᠪᠲᠦ ᠹᠢᠯᠢᠮ ᠳ᠋ᠦ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠰᠠᠮᠠᠭᠤᠷᠠᠭᠤᠯᠤᠭᠰᠠᠨ ᠬᠡᠷᠡᠭ᠌ ᠲᠤ ᠬᠣᠯᠪᠣᠭᠳ᠋ᠠᠭᠰᠠᠨ ᠲᠤᠰᠢᠶᠠᠯᠲᠠᠨ ᠤ ᠭᠡᠮᠰᠢᠯ᠂ ᠬᠡᠷᠡᠭ᠌ ᠦᠨ ᠪᠠᠢ᠌ᠳ᠋ᠠᠯ ᠢ ᠲᠠᠬᠢᠨ ᠢᠯᠡᠷᠡᠭᠦᠯᠬᠦ ᠵᠡᠷᠭᠡ ᠪᠡᠷ ᠳᠠᠮᠵᠢᠭᠤᠯᠵᠤ᠂ ᠰᠣᠩᠭ᠋ᠣᠭᠤᠯᠢ ᠶᠢ ᠡᠪᠳ᠋ᠡᠭ᠍ᠰᠡᠨ ᠪᠠ ᠬᠠᠬᠤᠤᠯᠢᠳ᠋ᠤ ᠰᠣᠩᠭ᠋ᠣᠭᠤᠯᠢ ᠡᠴᠡ ᠪᠣᠯᠤᠭᠰᠠᠨ ᠬᠦᠨᠳ᠋ᠦ ᠶᠡᠬᠡ ᠬᠣᠣᠷ ᠬᠥᠨᠥᠭᠡᠯ ᠪᠠ ᠠᠰᠠᠭᠤᠳ᠋ᠠᠯ ᠤᠨ ᠦᠨᠳ᠋ᠦᠰᠦ ᠰᠤᠷᠪᠤᠯᠵᠢ ᠶᠢ ᠭᠦᠨᠵᠡᠭᠡᠢ ᠵᠠᠳ᠋ᠠᠯᠵᠤ᠂ ᠨᠠᠮ ᠤᠨ ᠲᠥᠪ ᠬᠣᠷᠢᠶᠠᠨ ᠤ ᠨᠠᠮ ᠢ ᠴᠢᠩᠭ᠎ᠠ ᠵᠠᠰᠠᠬᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳ᠋ᠠᠯᠠᠬᠤ ᠡᠷᠡᠰ ᠵᠣᠷᠢᠭ ᠢ ᠢᠯᠡᠷᠡᠭᠦᠯᠵᠦ᠂ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠥᠯᠥᠭᠡᠯᠡᠭ᠍ᠴᠢᠳ ᠲᠤ ᠠᠮᠢᠳ᠋ᠤᠯᠢᠭ ᠰᠠᠢ᠌ᠬᠠᠨ ᠰᠡᠷᠡᠮᠵᠢᠯᠡᠭᠦᠯᠬᠦ ᠬᠥᠮᠦᠵᠢᠯ ᠦᠨ ᠬᠢᠴᠢᠶᠡᠯ ᠤᠷᠣᠭᠰᠠᠨ ᠪᠠᠢ᠌ᠨ᠎ᠠ᠃

        
        ᠹᠢᠯᠢᠮ ᠦᠵᠡᠵᠦ ᠰᠤᠷᠤᠯᠴᠠᠬᠤ ᠪᠠᠷ ᠳᠡᠮᠵᠢᠨ᠂ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠥᠯᠥᠭᠡᠯᠡᠭ᠍ᠴᠢᠳ ᠮᠠᠰᠢ ᠰᠠᠢ᠌ᠨ ᠬᠦᠮᠦᠵᠢᠯ ᠬᠦᠷᠳ᠋ᠡᠵᠦ᠂ ᠤᠯᠠᠨ ᠶᠢᠡᠷ ᠶᠢᠡᠨ᠂ ᠬᠡᠷᠡᠭ᠌ ᠶᠢᠡᠷ ᠲᠣᠯᠢ ᠪᠣᠯᠭᠠᠵᠤ᠂ ᠴᠡᠭᠡᠷᠯᠡᠯ ᠪᠣᠯᠭᠠᠨ᠂ ᠰᠡᠷᠡᠮᠵᠢ ᠶᠢᠨ ᠬᠤᠩᠬᠤ ᠶᠢ ᠪᠠᠢ᠌ᠩᠭ᠋ᠤ ᠳᠤᠤᠭᠠᠷᠭᠠᠵᠤ᠂ ᠬᠦᠰᠡᠯᠡᠩ ᠢᠲᠡᠭᠡᠯ ᠪᠢᠰᠢᠷᠡᠯ ᠢᠶᠡᠨ ᠪᠠᠳᠤᠳᠬᠠᠨ᠂ ᠦᠵᠡᠯ ᠰᠠᠨᠠᠭᠠᠨ ᠤ ᠰᠡᠷᠭᠡᠢ᠌ᠯᠡᠯᠲᠡ ᠶᠢᠨ ᠱᠤᠭᠤᠮ ᠢ ᠪᠡᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠯ  ᠢᠶᠡᠨ ᠴᠢᠩᠭ᠋ᠠᠳᠬᠠᠵᠤ᠂ ᠰᠠᠬᠢᠯᠭ᠎ᠠ ᠪᠠᠲᠤ ᠶᠣᠰᠣ ᠳᠦ᠋ᠷᠢᠮ ᠢ ᠴᠢᠩᠳ᠋ᠠᠯᠠᠨ᠎ᠠ᠃ ᠨᠠᠮ ᠪᠠ ᠠᠷᠠᠳ ᠲᠦ᠋ᠮᠡᠨ ᠦ ᠬᠦᠨᠳ᠋ᠦ ᠨᠠᠶ᠍ᠢᠳ᠋ᠠᠯᠭ᠎ᠠ ᠶᠢ ᠪᠠᠲᠤ ᠴᠡᠭᠡᠵᠢᠯᠡᠵᠦ᠂ ᠲᠥᠯᠥᠭᠡᠯᠡᠭ᠍ᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠢ᠌ᠲᠤᠷ ᠭᠦᠢᠴᠡᠳᠬᠡᠵᠦ᠂ ᠬᠣᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠢ ᠳᠠᠪᠠᠬᠤ ᠦᠭᠡᠶ ᠪᠠᠢ᠌ᠵᠤ᠂ ᠲᠥᠯᠥᠭᠡᠯᠡᠭ᠍ᠴᠢ ᠶᠢᠨ ᠦᠢᠯᠡᠳ᠋ᠦᠯ ᠶᠢᠡᠨ ᠭᠦᠢᠴᠡᠳ ᠪᠠᠳ᠋ᠠᠷᠠᠭᠤᠯᠤᠨ᠂ ᠳᠡᠭᠡᠳ᠋ᠦ ᠬᠡᠮᠵᠢᠶᠡᠨ ᠦ ᠤᠯᠤᠰ ᠲᠥᠷᠥ ᠶᠢᠨ ᠡᠭᠦᠷᠭᠡ ᠬᠠᠷᠢᠭᠤᠴᠠᠯᠭᠠᠳ᠋ᠤ ᠰᠡᠳᠬᠢᠯᠭᠡ ᠪᠡᠷ ᠲᠣᠰ ᠤᠳ᠋ᠠᠭᠠᠨ ᠤ ᠬᠤᠷᠠᠯ ᠢ ᠰᠠᠢ᠌ᠲᠤᠷ ᠬᠤᠷᠠᠯᠳ᠋ᠤᠭᠤᠯᠵᠤ᠂ ᠬᠤᠷᠠᠯ ᠤᠨ ᠡᠯ᠎ᠠ ᠵᠦ᠋ᠢᠯ ᠦᠨ ᠵᠥᠪᠯᠡᠬᠦ ᠵᠦ᠋ᠢᠯ ᠢ ᠲᠡᠭᠦᠰ ᠠᠮᠵᠢᠯᠲᠠ ᠲᠠᠶ ᠪᠡᠶᠡᠯᠡᠭᠦᠯᠦᠨ᠎ᠠ ᠭᠡᠵᠦ ᠢᠯᠡᠷᠭᠡᠢ᠌ᠯᠡᠵᠡᠭᠡᠪᠡ᠃(ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠠᠩᠬᠠᠳ᠋ᠤᠭᠠᠷ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠡᠬᠢᠯᠡᠪᠡ